ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/4/7

 

      4 ᠰᠠᠷ᠎ᠠ ᠶᠢᠨ 3 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃

      ᠬᠤᠷᠠᠯ ᠠᠴᠠ 3 ᠰᠠᠷ᠎ᠠ ᠶᠢᠨ 31 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠠᠵᠢᠯ ᠤᠨ ᠳᠦᠷᠢᠮ ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠬᠤᠯᠪᠣᠭᠳᠠᠯ ᠪᠦᠬᠦᠢ ᠳᠦᠷᠢᠮ ᠲᠣᠭᠲᠠᠴᠠ ᠶᠢ ᠤᠯᠠᠮ ᠲᠡᠭᠦᠯᠳᠡᠷᠵᠢᠭᠦᠯᠵᠦ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠡᠯ᠎ᠡ ᠱᠠᠲᠤᠨ ᠤ ᠬᠢᠨ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠭᠤᠣᠯᠳᠠᠯᠭ᠎ᠠ ᠲᠠᠢ ᠵᠦᠢᠯ ᠢ ᠭᠤᠣᠯᠳᠠᠯᠭ᠎ᠠ ᠲᠠᠢ ᠠᠳᠬᠤᠬᠤ ᠶᠢ ᠪᠠᠷᠢᠮᠲᠠᠯᠠᠵᠤ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠵᠢᠴᠢ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ ︾ ᠤᠨ ᠶᠡᠷᠦᠩᠬᠡᠶᠢᠯᠡᠭᠰᠡᠨ ᠵᠠᠰᠠᠯᠲᠠ ᠵᠡᠷᠭᠡ ᠶᠢ ᠴᠢᠩᠭ᠎ᠠ ᠠᠩᠬᠠᠷᠴᠤ ᠂ ᠲᠣᠪᠣᠶᠢᠮ᠎ᠠ ᠠᠰᠠᠭᠤᠳᠠᠯ ᠢ ᠴᠢᠩᠭ᠎ᠠ ᠪᠣᠳᠠᠲᠠᠢ ᠲᠦᠷᠭᠡᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ ᠂ ᠴᠢᠩᠭ᠎ᠠ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠵᠤ ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠨ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ ᠂ ᠴᠡᠭᠴᠡᠯᠡᠨ ᠰᠠᠶᠢᠵᠢᠷᠠᠭᠤᠯᠬᠤ ᠶᠢᠨ ︽ᠨᠢᠭᠡ ᠱᠤᠭᠤᠮ ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠪᠠᠷ ᠭᠠᠷᠳᠠᠴᠠ ᠪᠣᠯᠭᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠦᠨ ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠂ ᠨᠢᠭᠡᠳᠦᠯᠲᠡᠢ ᠲᠥᠯᠥᠪᠵᠢᠭᠦᠯᠬᠦ ᠠᠷᠭ᠎ᠠ ᠶᠢ ᠰᠠᠶᠢᠲᠤᠷ ᠬᠡᠷᠡᠭᠯᠡᠵᠦ ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠤᠰᠤᠳ ᠬᠢᠨᠠᠯᠲᠠ ᠲᠠᠯᠪᠢᠬᠤ ᠲᠠᠢ ᠨᠠᠩ ᠰᠠᠶᠢᠲᠤᠷ ᠤᠶᠠᠯᠳᠤᠭᠤᠯᠵᠤ ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ ᠂ ᠨᠡᠭᠡᠭᠡᠯᠲᠡ ᠬᠢᠬᠦ ᠠᠯᠬᠤᠮ ᠢᠶᠠᠨ ᠲᠦᠷᠭᠡᠳᠬᠡᠵᠦ ᠂ ᠠᠷᠭ᠎ᠠ ᠪᠦᠭᠦᠨ ᠢ ᠰᠦᠪᠡᠭᠴᠢᠯᠡᠨ ᠭᠠᠳᠠᠭᠠᠳᠤ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ ᠂ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠣᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠶᠡᠭᠡ ᠬᠦᠴᠦ ᠣᠷᠣᠭᠤᠯᠵᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠤᠷᠤᠰ ᠂ ᠮᠣᠩᠭᠤᠯ ᠲᠡᠶᠢᠰᠢ ᠨᠡᠭᠡᠭᠡᠯᠲᠡ ᠬᠢᠬᠦ ᠪᠠᠨ ᠥᠷᠭᠡᠳᠬᠡᠬᠦ ᠶᠢᠨ ᠬᠠᠮᠲᠤ ︽ᠨᠢᠭᠡ ᠪᠦᠰᠡ ᠨᠢᠭᠡ ᠵᠠᠮ ︾ ᠳᠠᠭᠠᠤ ᠶᠢᠨ ᠤᠯᠤᠰ ᠤᠳ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠢᠳᠡᠪᠬᠢᠲᠡᠢ ᠥᠷᠭᠡᠳᠬᠡᠵᠦ ᠂ ᠨᠡᠩ ᠤᠯᠠᠨ ᠪᠣᠳᠠᠲᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ︽ᠦᠨᠡᠨ ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ ᠂ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠤᠯᠭᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠯᠡᠬᠦ ᠴᠡᠭ ᠢ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠬᠤ ᠶᠢ ᠪᠠᠷᠢᠮᠲᠠᠯᠠᠵᠤ ᠂ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ ᠂ ᠪᠦᠭᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠬᠤ ᠳᠤ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠴᠢᠳᠠᠪᠤᠷᠢᠲᠠᠨ ᠂ ᠪᠡᠯᠡ ᠮᠥᠩᠭᠦ ᠂ ᠲᠠᠪᠴᠠᠩ ᠂ ᠲᠦᠷᠦᠯ ᠵᠦᠢᠯ ᠂ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠲᠠᠯ᠎ᠠ ᠠᠴᠠ ᠭᠠᠷᠳᠠᠵᠤ ᠪᠦᠭᠦ ᠬᠡᠯᠬᠢᠶᠡᠨ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠃ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠴᠢᠳᠠᠪᠤᠷᠢᠲᠠᠨ ᠢ ᠴᠤᠭᠯᠠᠷᠠᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠪᠠ ᠲᠠᠪᠴᠠᠩ ᠢ ᠬᠡᠷᠡᠭᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠨᠡᠩ ᠴᠢᠬᠤᠯᠠᠴᠢᠯᠠᠬᠤ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠪᠦᠭᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠰᠠᠭᠤᠷᠢ ᠰᠤᠷᠭᠠᠨ ᠬᠥᠮᠦᠵᠢᠯ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠦᠭᠦ ᠲᠠᠯ᠎ᠠ ᠪᠠᠷ ᠬᠥᠭᠵᠢᠭᠦᠯᠬᠦ ᠶᠢ ᠪᠠᠷᠢᠮᠲᠠᠯᠠᠵᠤ ᠂ ᠨᠡᠩ ᠤᠯᠠᠨ ᠨᠤᠲᠤᠭ ᠤᠨ ᠰᠢᠯᠢᠳᠡᠭ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠯ᠎ᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠤᠯᠠᠨ ᠲᠦᠮᠡᠨ ᠤ ᠪᠦᠯᠭᠦᠮ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠶᠠᠮᠠᠷᠪᠠ ᠠᠵᠢᠯ ᠢ ᠤᠬᠠᠭᠠᠯᠠᠨ ᠲᠥᠯᠥᠪᠯᠡᠬᠦ ᠳᠤ ᠴᠥᠮ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠᠷ ᠤᠷᠢᠲᠠᠯ ᠪᠤᠯᠭᠠᠵᠤ ᠂ ᠨᠠᠮ ᠤᠨ ᠤᠳᠤᠷᠢᠳᠤᠯᠭ᠎ᠠ ᠶᠢ ᠤᠯᠠᠨ ᠲᠦᠮᠡᠨ ᠤ ᠪᠦᠯᠭᠦᠮ ᠤᠨ ᠠᠵᠢᠯ ᠤᠨ ᠡᠯ᠎ᠡ ᠲᠠᠯ᠎ᠠ ᠂ ᠪᠦᠭᠦ ᠶᠠᠪᠤᠴᠠ ᠳᠤ ᠦᠨᠡᠨ ᠬᠦ ᠢᠯᠡᠷᠡᠭᠦᠯᠬᠦ ᠬᠡᠷᠡᠭᠲᠡᠢ ᠃ ᠦᠵᠡᠬᠦ ᠳᠤ ᠬᠡᠶᠢᠰᠪᠦᠷᠢ ᠠᠵᠢᠯ ᠢ ᠪᠣᠳᠠᠲᠠᠶᠢᠵᠢᠭᠤᠯᠤᠨ ᠬᠢᠬᠦ ᠶᠢ ᠪᠠᠷᠢᠮᠲᠠᠯᠠᠵᠤ ᠂ ︽ᠨᠢᠭᠡ ᠭᠤᠣᠯ ᠰᠢᠵᠢᠮ ︾᠂ ︽ᠲᠠᠪᠤᠨ ᠶᠡᠭᠡ ᠡᠭᠦᠷᠭᠡ ︾᠂ ︽ᠵᠢᠷᠭᠤᠭᠠᠨ ᠢᠨᠵᠧᠨᠧᠷᠢᠩ ︾᠂ ︽ᠵᠢᠷᠭᠤᠭᠠᠨ ᠠᠵᠢᠯᠯᠠᠭ᠎ᠠ ︾ ᠲᠠᠢ ᠨᠢᠭᠲᠠ ᠤᠶᠠᠯᠳᠤᠭᠤᠯᠤᠨ ᠂ ᠲᠤᠰ ᠬᠦᠷᠢᠶᠡᠨ ᠤ ᠭᠤᠣᠯᠳᠠᠯᠭ᠎ᠠ ᠲᠠᠢ ᠡᠭᠦᠷᠭᠡ ᠪᠠᠨ ᠰᠢᠰᠲ᠋ᠧᠮ ᠲᠠᠢ ᠲᠥᠯᠥᠪᠵᠢᠭᠦᠯᠵᠦ ᠂ ᠭᠤᠣᠯ ᠠᠵᠢᠯ ᠪᠠ ᠶᠡᠭᠡ ᠲᠠᠯ᠎ᠠ ᠳᠤ ᠨᠡᠩ ᠰᠠᠶᠢᠲᠤᠷ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ ︽ᠨᠠᠮ ᠤᠨ ᠠᠴᠢ ᠳᠤ ᠲᠠᠯᠠᠷᠬᠠᠬᠤ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠬᠤ ︾ ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠠᠬᠢᠭᠤᠯᠵᠤ ᠂ ᠲᠣᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ ᠣᠯᠠᠨ ᠲᠦᠮᠡᠨ ᠤ ᠪᠦᠯᠭᠦᠮ ᠤᠨ ᠠᠵᠢᠯᠯᠠᠭ᠎ᠠ ᠶᠢ ᠲᠥᠯᠥᠪᠯᠡᠨ ᠥᠷᠨᠢᠭᠦᠯᠬᠦ ᠬᠡᠷᠡᠭᠲᠡᠢ ᠂ ᠶᠠᠭᠠᠬᠢᠪᠠᠯ ᠣᠯᠠᠨ ᠲᠦᠮᠡᠨ ᠢ ᠬᠥᠮᠥᠵᠢᠭᠦᠯᠬᠦ ᠂ ᠳᠠᠶᠢᠴᠢᠯᠠᠬᠤ ᠪᠠ ᠦᠢᠯᠡᠴᠢᠯᠡᠬᠦ ᠳᠤ ᠠᠰᠢᠭᠲᠠᠢ ᠪᠣᠯ ᠲᠡᠭᠡᠵᠤ ᠬᠢᠵᠦ ᠂ ᠬᠡᠯᠪᠡᠷᠢᠴᠢ ᠦᠵᠡᠯ ᠪᠠ ︽ᠶᠠᠮᠤᠨ ᠤ ᠰᠤᠷᠲᠠᠯ ︾ ᠢ ᠴᠢᠩᠭ᠎ᠠ ᠰᠡᠷᠭᠡᠶᠢᠯᠡᠬᠦ ᠬᠡᠷᠡᠭᠲᠡᠢ ᠃ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠪᠠᠷ ᠴᠣᠩᠬᠤᠪᠴᠢ ᠪᠣᠯᠭᠠᠨ ᠤᠯᠠᠨ ᠲᠦᠮᠡᠨ ᠳᠤ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠢ ᠳᠡᠯᠭᠡᠨ ᠦᠵᠡᠭᠦᠯᠭᠦ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠤᠯᠠᠨ ᠲᠦᠮᠡᠨ ᠤ ᠪᠦᠯᠭᠦᠮ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ ︾ ᠢ ᠰᠢᠯᠭᠠᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map