|
ᠮᠠᠨ ᠤ ᠣᠷᠣᠨ ᠳᠠᠬᠢ ᠴᠢᠰᠤ ᠡᠭᠦᠰᠬᠡᠬᠦ ᠰᠲ᠋ᠧᠮ ᠡᠰ ᠤᠨ ᠬᠠᠨᠳᠢᠪᠯᠡᠯ 200 ᠬᠤᠪᠢ ᠶᠢ ᠳᠠᠪᠠᠪᠠ |
|
|
ᠨᠡᠶᠢᠲᠡᠯᠡᠭᠰᠡᠨ ᠴᠠᠭ᠄
2025/4/7
|
|
ᠮᠠᠨ ᠤ ᠣᠷᠣᠨ ᠳᠠᠬᠢ ᠴᠢᠰᠤ ᠡᠭᠦᠰᠬᠡᠬᠦ ᠰᠲ᠋ᠧᠮ ᠡᠰ ᠤᠨ ᠬᠠᠨᠳᠢᠪᠯᠡᠯ 200 ᠬᠤᠪᠢ ᠶᠢ ᠳᠠᠪᠠᠪᠠ᠃ 4 ᠳ᠋ᠦ᠋ᠭᠡᠷ ᠰᠠᠷ᠎ᠠ ᠶᠢᠨ 3 ᠤ ᠡᠳᠦᠷ᠂ ᠮᠠᠨ ᠤ ᠣᠷᠣᠨ ᠳᠠᠬᠢ ᠲᠥᠷᠥᠯ ᠰᠠᠳᠤᠨ ᠤ ᠪᠤᠰᠤ ᠴᠢᠰᠤ ᠡᠭᠦᠰᠬᠡᠬᠦ ᠰᠲ᠋ᠧᠮ ᠡᠰ ᠤᠨ 200 ᠳ᠋ᠤᠭᠠᠷ ᠬᠠᠨᠳᠢᠪᠯᠠᠭᠴᠢ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠠᠮᠵᠢᠯᠲᠠ ᠲᠠᠢ ᠪᠠᠷ ᠬᠠᠨᠳᠢᠪᠯᠠᠪᠠ᠃ ᠮᠠᠨ ᠤ ᠣᠷᠣᠨ ᠳᠠᠬᠢ ᠴᠢᠰᠤ ᠡᠭᠦᠰᠬᠡᠬᠦ ᠰᠲ᠋ᠧᠮ ᠡᠰ ᠤᠨ ᠬᠠᠨᠳᠢᠪᠯᠡᠬᠤ ᠠᠵᠢᠯ ᠢ 2004 ᠣᠨ ᠠᠴᠠ ᠡᠬᠢᠯᠡᠭᠦᠯᠦᠭᠰᠡᠨ ᠠᠴᠠ ᠠᠪᠤᠭᠠᠳ ᠣᠲᠣ ᠪᠣᠯᠲᠠᠯ᠎ᠠ᠂ ᠳᠤᠮᠳᠠᠳᠤ ᠶᠢᠨ ᠴᠢᠮᠦᠭᠡᠨ ᠤ ᠬᠥᠮᠥᠷᠭᠡ ᠶᠢᠨ ᠥᠪᠥᠷ ᠮᠣᠩᠭᠤᠯ ᠳᠠᠬᠢ ᠬᠤᠪᠢᠶᠠᠷᠢ ᠬᠥᠮᠥᠷᠭᠡ ᠨᠢ ᠨᠡᠶᠢᠲᠡ 62439 ᠬᠥᠮᠥᠨ ᠤ ᠪᠠᠭᠲᠠᠭᠠᠮᠵᠢ ᠲᠠᠢ ᠪᠠᠶᠢᠵᠤ᠂ 200 ᠬᠤᠪᠢ ᠬᠠᠨᠳᠢᠪᠯᠠᠬᠤ ᠶᠢ ᠪᠡᠶᠡᠯᠡᠭᠦᠯᠵᠦ᠂ ᠨᠢᠭᠡᠨᠲᠡ ᠳᠤᠮᠳᠠᠳᠤ ᠶᠢᠨ ᠴᠢᠮᠦᠭᠡᠨ ᠤ ᠬᠥᠮᠥᠷᠭᠡ ᠶᠢᠨ ᠴᠢᠬᠤᠯᠠ ᠪᠦᠷᠢᠯᠳᠦᠭᠦᠨ ᠬᠡᠰᠡᠭ ᠪᠣᠯᠪᠠ᠃ ᠣᠶᠢᠷ᠎ᠠ ᠶᠢᠨ ᠭᠤᠷᠪᠠᠨ ᠵᠢᠯ ᠳᠤ ᠮᠠᠨ ᠤ ᠣᠷᠣᠨ ᠳᠠᠬᠢ ᠴᠢᠰᠤ ᠡᠭᠦᠰᠬᠡᠬᠦ ᠰᠲ᠋ᠧᠮ ᠡᠰ ᠢ ᠬᠠᠨᠳᠢᠪᠯᠠᠭᠰᠠᠨ ᠨᠡᠮᠡᠭᠳᠡᠯ ᠤᠨ ᠨᠣᠷᠮ᠎ᠠ ᠨᠢ ᠪᠥᠬᠦ ᠤᠯᠤᠰ ᠤᠨ ᠡᠮᠦᠨ᠎ᠡ ᠭᠤᠷᠪᠠ ᠳᠤ ᠵᠢᠭᠰᠠᠭᠠᠭᠳᠠᠪᠠ᠃ ︵ᠤᠯᠠᠭᠠᠨ ᠵᠠᠭᠠᠯᠮᠠᠶᠢᠳᠠᠨ ᠤ ᠨᠡᠶᠢᠭᠡᠮᠯᠢᠭ︶ |
|
ᠢᠷᠡᠯᠲᠡ᠄
ᠤᠯᠠᠭᠠᠨ ᠵᠠᠭᠠᠯᠮᠠᠶᠢᠳᠠᠨ ᠤ ᠨᠡᠶᠢᠭᠡᠮᠯᠢᠭ
|