|
ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ ︵2025.3.30 - 2025.4.5︶ |
|
|
ᠨᠡᠶᠢᠲᠡᠯᠡᠭᠰᠡᠨ ᠴᠠᠭ᠄
2025/4/7
|
|
︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃ ᠤᠳᠤᠷᠢᠳᠤᠯᠭ᠎ᠠ ᠶᠢᠨ ᠠᠵᠢᠯᠯᠠᠭ᠎ᠠ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠪᠡ 4 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠤᠰ ᠬᠤᠷᠠᠯ ᠢ ᠡᠷᠬᠢᠯᠡᠪᠡ᠃ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ 3 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠢᠩᠭᠠᠨ ᠠᠶᠢᠮᠠᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ 3 ᠳ᠋ᠤᠭᠠᠷ ᠰᠠᠷ᠎ᠠ ᠶᠢᠨ 31 ᠤ ᠡᠳᠦᠷ ᠠᠴᠠ 4 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠬᠢᠩᠭᠠᠨ ᠠᠶᠢᠮᠠᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠬᠤᠸᠠᠩ ᡁᠢ ᠴᠢᠶᠠᠩ ᠥᠪᠡᠷᠲᠡᠭᠡᠨ ᠵᠠᠰᠠᠬᠤ ᠣᠷᠣᠨ ᠤ ᠨᠥᠭᠡᠴᠡ ᠡᠨᠧᠷᠭᠢ ᠶᠢᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ 4 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠥᠭᠡᠴᠡ ᠡᠨᠧᠷᠭᠢ ᠶᠢᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ ᠤᠨ ᠬᠢᠵᠠᠭᠠᠷᠲᠤ ᠺᠤᠮᠫᠠᠨᠢ᠂ ᠨᠢᠩ ᠳ᠋ᠧ ᠱᠢ ᠳ᠋ᠠᠢ ᠵᠡᠷᠭᠡ 9 ᠠᠵᠤ ᠠᠬᠤᠶᠢᠯᠠᠯ ᠯᠤᠭ᠎ᠠ ᠨᠥᠭᠡᠴᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠬᠤᠳᠠᠯᠳᠤᠭᠠᠨ ᠤ ᠠᠵᠠ ᠲᠣᠬᠢᠶᠠᠯ ᠢ ᠬᠠᠮᠲᠤ ᠪᠠᠷ ᠶᠠᠷᠢᠯᠴᠠᠪᠠ᠃ ᠵᠧᠩ ᠭᠤᠸᠠᠩ ᠵᠣᠣ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ 3 ᠳ᠋ᠤᠭᠠᠷ ᠰᠠᠷ᠎ᠠ ᠶᠢᠨ 31 ᠤ ᠡᠳᠦᠷ᠂ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠱᠢ ᠭᠤᠸᠠᠩ ᠬᠤᠢ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠵᠧᠩ ᠭᠤᠸᠠᠩ ᠵᠣᠣ᠂ ᠶᠣᠣ ᠶᠦᠩ ᠪᠥᠸᠧ ᠪᠣᠯᠣᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠶᠠᠩ ᠽᠥᠩ ᠷᠧᠨ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠪᠠ᠃ ᠰᠦᠨ ᠵᠢᠶᠦ᠋ᠨ ᠴᠢᠩ
2025 ᠣᠨ ᠤ ᠠᠩᠬᠠᠳᠤᠭᠠᠷ ᠬᠤᠭᠤᠴᠠᠭᠠᠨ ᠤ ︽ᠦᠵᠡᠯ ᠰᠠᠨᠠᠭ᠎ᠠ ᠤᠮᠠᠷᠠᠲᠤ ᠬᠢᠯᠢ ᠶᠢ ᠭᠡᠶᠢᠭᠦᠯᠵᠦ · ᠰᠡᠳᠬᠢᠯ ᠨᠢᠭᠡᠲᠦᠨ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ︾ ᠭᠡᠬᠦ ᠲᠣᠮᠣ ᠬᠡᠪᠴᠢᠶᠡᠨ ᠤ ᠶᠠᠷᠢᠶᠠᠨ ᠤ ᠲᠠᠪᠴᠠᠩ ᠳᠤ ᠣᠷᠣᠯᠴᠠᠪᠠ 4 ᠳ᠋ᠦ᠋ᠭᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠭᠤᠣᠯᠯᠠᠨ ᠡᠷᠭᠢᠯᠡᠭᠰᠡᠨ 2025 ᠣᠨ ᠤ ᠠᠩᠬᠠᠳᠤᠭᠠᠷ ᠬᠤᠭᠤᠴᠠᠭᠠᠨ ᠤ ︽ᠦᠵᠡᠯ ᠰᠠᠨᠠᠭ᠎ᠠ ᠤᠮᠠᠷᠠᠲᠤ ᠬᠢᠯᠢ ᠶᠢ ᠭᠡᠶᠢᠭᠦᠯᠵᠦ · ᠰᠡᠳᠬᠢᠯ ᠨᠢᠭᠡᠲᠦᠨ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ︾ ᠭᠡᠬᠦ ᠲᠣᠮᠣ ᠬᠡᠪᠴᠢᠶᠡᠨ ᠤ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠯᠢ ᠪᠢᠩ ᠷᠦᠩ᠂ ᠰᠦᠨ ᠵᠢᠶᠦ᠋ᠨ ᠴᠢᠩ ᠣᠷᠣᠯᠴᠠᠪᠠ᠃ ᠲᠦᠷᠦ ᠶᠢᠨ ᠪᠣᠳᠣᠯᠭ᠎ᠠ ᠶᠢᠨ ᠨᠡᠶᠢᠲᠡᠯᠡᠯ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠮᠡᠳᠡᠭᠳᠡᠯ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2025﹈ 13 ᠳ᠋ᠤᠭᠠᠷ ᠲᠣᠭᠠᠲᠤ︶ ᠢ ᠳᠠᠷᠤᠮᠠᠯᠯᠠᠨ ᠶᠠᠪᠤᠭᠤᠯᠪᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠣᠳᠣᠬᠠᠨ ᠤ ᠰᠦ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠯᠤᠭ᠎ᠠ ᠤᠶᠠᠯᠳᠤᠭᠤᠯᠤᠨ᠂ ᠰᠦ ᠶᠢᠨ ᠦᠢᠯᠡᠰ ᠤᠨ ᠭᠤᠣᠯ ᠴᠣᠭᠴᠠ ᠶᠢ ᠦᠷᠭᠦᠯᠵᠢᠯᠡᠨ ᠬᠠᠪᠰᠤᠷᠴᠤ ᠪᠠᠶᠢᠭᠠᠳ ᠬᠦᠴᠢᠷ ᠢ ᠨᠢ ᠲᠤᠭᠤᠯᠤᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠪᠡ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|