ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠳᠣᠲᠣᠭᠠᠳᠤ ᠶᠢ | ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠢᠴᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ 6 | ᠰᠠᠯᠠᠭ᠎ᠠ ᠮᠥᠴᠢᠷ ᠬᠠᠮᠲᠤᠷᠠᠨ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠮᠠᠰᠢᠨ | ᠲᠡᠷᠭᠡ ᠪᠠᠨ ᠰᠢᠨ᠎ᠡ ᠪᠠᠷ ᠰᠣᠯᠢᠬᠤ ᠲᠤᠬᠠᠢ ᠬᠡᠷᠡᠭᠵᠢᠭᠦᠯᠬᠦ ᠨᠠᠷᠢᠨ ᠲᠥᠰᠥᠯ︾ ᠢ ᠳᠠᠷᠤᠮᠠᠯᠯᠠᠨ ᠲᠠᠷᠬᠠᠭᠠᠪᠠ᠃ | ︽ᠨᠠᠷᠢᠨ ᠲᠥᠰᠥᠯ︾ ᠳᠤ ᠲᠣᠳᠣᠷᠬᠠᠶᠢᠯᠠᠭᠰᠠᠨ ᠢᠶᠠᠷ᠂ 2024 ᠣᠨ ᠤ 4 ᠰᠠᠷ᠎ᠠ ᠶᠢᠨ 24 ᠠᠴᠠ 2024 | ᠣᠨ ᠤ 12 ᠰᠠᠷ᠎ᠠ ᠶᠢᠨ 31 ᠤ ᠡᠳᠦᠷ ᠪᠤᠯᠳᠠᠯ᠎ᠠ᠂ ᠬᠤᠪᠢ ᠬᠥᠮᠥᠨ ᠥᠪᠡᠷ ᠤᠨ ᠨᠡᠷ᠎ᠡ ᠳᠣᠣᠷᠠᠬᠢ ᠤᠯᠤᠰ ᠤᠨ | ᠭᠤᠷᠪᠠᠳᠤᠭᠠᠷ ᠱᠠᠲᠤᠨ ᠤ ᠮᠠᠰᠢᠨ ᠲᠡᠷᠭᠡ ᠶᠢᠨ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠰᠢᠲᠠᠮᠠᠬᠠᠢ | ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠪᠤᠶᠤ 2018 ᠣᠨ ᠤ 4 ᠰᠠᠷ᠎ᠠ ᠶᠢᠨ 30 ᠤ ᠡᠳᠦᠷ ᠪᠤᠶᠤ | ᠲᠡᠭᠦᠨ ᠠᠴᠠ ᠡᠮᠦᠨ᠎ᠡ ᠳᠠᠩᠰᠠᠯᠠᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠠᠨ ᠬᠡᠷᠡᠭᠯᠡᠭᠡᠨ ᠠᠴᠠ | ᠭᠠᠷᠭᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠮᠠᠰᠢᠨ ᠲᠡᠷᠭᠡ ᠬᠤᠳᠠᠯᠳᠤᠨ | ᠠᠪᠴᠤ᠂ ᠲᠤᠬᠠᠢ ᠶᠢᠨ ᠭᠠᠵᠠᠷ ᠤᠨ ᠮᠠᠰᠢᠨ ᠲᠡᠷᠭᠡ ᠶᠢ ᠨᠢᠭᠡᠳᠦᠯᠲᠡᠢ ᠪᠣᠷᠣᠯᠠᠭᠤᠯᠤᠭᠰᠠᠨ ᠪᠠᠷᠢᠮᠲᠠ ᠭᠠᠷᠭᠠᠵᠤ ᠠᠪᠤᠭᠰᠠᠨ | ᠪᠣᠯ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠡᠷᠡᠮᠡᠯᠵᠡᠵᠦ ᠪᠣᠯᠣᠨ᠎ᠠ᠃ ᠡᠭᠦᠨ ᠳᠤ ᠳᠡᠭᠡᠷ᠎ᠡ ᠳᠤᠷᠠᠳᠤᠭᠰᠠᠨ 2 | ᠵᠦᠢᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠤ ︽ᠮᠠᠰᠢᠨ ᠲᠡᠷᠭᠡ ᠬᠤᠳᠠᠯᠳᠤᠨ ᠠᠪᠤᠭᠰᠠᠨ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ | ᠡᠨᠧᠷᠭᠢ ᠶᠢᠨ ᠮᠠᠰᠢᠨ ᠲᠡᠷᠭᠡ ᠶᠢᠨ ᠲᠦᠷᠦᠯ ᠤᠨ ᠭᠠᠷᠴᠠᠭ︾ ᠲᠠᠬᠢ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ | ᠲᠡᠷᠭᠡ ᠶᠢ ᠬᠤᠳᠠᠯᠳᠤᠨ ᠠᠪᠤᠪᠠᠯ ᠲᠡᠷᠭᠡ ᠪᠦᠷᠢ ᠳᠤ ᠬᠠᠮᠤᠭ ᠤᠨ ᠶᠡᠭᠡ ᠳᠡᠭᠡᠨ 2 ᠲᠦᠮᠡᠨ ᠲᠥᠭᠦᠷᠢᠭ ᠤᠨ ᠨᠥᠬᠦᠪᠦᠷᠢ | ᠡᠷᠡᠮᠡᠯᠵᠡᠵᠦ ᠪᠤᠯᠤᠨ᠎ᠠ︔ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡ ᠶᠢᠨ ᠪᠣᠬᠢᠷᠳᠤᠯ ᠭᠠᠳᠠᠭᠰᠢᠯᠠᠭᠤᠯᠬᠤ | ᠪᠠᠷᠢᠮᠵᠢᠶ᠎ᠠ ᠠᠴᠠ ᠳᠣᠷᠣᠭᠰᠢᠬᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ | ᠭᠠᠷᠭᠠᠬᠤ ᠶᠢᠨ ᠬᠠᠮᠲᠤ 2 ᠯᠢᠲᠷ ᠤᠨ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ︵2 ᠯᠢᠲᠷ ᠤᠨ ᠬᠢ ᠶᠢ | ᠪᠠᠭᠲᠠᠭᠠᠨ᠎ᠠ︶ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠶᠢ ᠬᠤᠳᠠᠯᠳᠤᠨ ᠠᠪᠤᠪᠠᠯ ᠲᠡᠷᠭᠡ ᠪᠦᠷᠢ ᠳᠤ 1. | 5 ᠲᠦᠮᠡᠨ ᠲᠥᠭᠦᠷᠢᠭ ᠤᠨ ᠨᠥᠬᠦᠪᠦᠷᠢ ᠡᠷᠡᠮᠡᠯᠵᠡᠵᠦ ᠪᠣᠯᠣᠨ᠎ᠠ᠃ 2024 ᠣᠨ ᠤ 4 ᠰᠠᠷ᠎ᠠ ᠶᠢᠨ 24 ᠤ ᠡᠳᠦᠷ ᠠᠴᠠ | ᠲᠤᠰᠢᠶᠠᠭᠰᠠᠨ ᠨᠥᠬᠦᠴᠡᠯ ᠳᠤ ᠨᠡᠶᠢᠴᠡᠬᠦ ᠨᠥᠬᠦᠪᠦᠷᠢ ᠣᠯᠬᠤ ᠡᠷᠡᠮᠡᠯᠵᠡᠯ ︵ᠨᠥᠬᠦᠪᠦᠷᠢ ᠶᠢ ᠨᠢ ᠨᠢᠭᠡᠨᠲᠡ ᠣᠯᠭᠤᠭᠰᠠᠨ ᠢ | ᠪᠠᠭᠲᠠᠭᠠᠨ᠎ᠠ︶ ᠳᠤ ᠴᠥᠮ ᠲᠤᠰ ᠨᠠᠷᠢᠨ ᠲᠥᠰᠥᠯ ᠤᠨ ᠶᠣᠰᠣᠭᠠᠷ ᠨᠥᠬᠦᠪᠦᠷᠢ ᠣᠯᠭᠤᠨ᠎ᠠ᠃ ᠨᠥᠬᠦᠪᠦᠷᠢ ᠶᠢ ᠨᠢ ᠨᠢᠭᠡᠨᠲᠡ | ᠣᠯᠭᠤᠭᠰᠠᠨ ᠪᠣᠯ ᠵᠥᠷᠢᠭᠰᠡᠨ ᠬᠡᠰᠡᠭ ᠢ ᠨᠢ ᠨᠥᠬᠦᠵᠦ ᠣᠯᠭᠤᠨ᠎ᠠ᠃ ᠨᠥᠬᠦᠪᠦᠷᠢ ᠡᠷᠡᠮᠡᠯᠵᠡᠬᠦ ᠳᠤ ᠬᠡᠷᠡᠭᠯᠡᠭᠡᠨ ᠠᠴᠠ | ᠭᠠᠷᠭᠠᠭᠰᠠᠨ ᠬᠠᠭᠤᠴᠢᠨ ᠮᠠᠰᠢᠨ ᠲᠡᠷᠭᠡ ᠶᠢᠨ ᠡᠵᠡᠨ ᠪᠠ ᠰᠢᠨ᠎ᠡ ᠪᠠᠷ ᠬᠤᠳᠠᠯᠳᠤᠨ ᠠᠪᠤᠭᠰᠠᠨ ᠮᠠᠰᠢᠨ ᠲᠡᠷᠭᠡ ᠶᠢᠨ | ᠡᠵᠡᠨ ᠨᠢ ᠨᠢᠭᠡ ᠯᠡ ᠬᠥᠮᠥᠨ ᠪᠠᠶᠢᠬᠤ ᠭᠡᠷᠡᠭᠳᠠᠢ︔ ᠬᠡᠷᠡᠭᠯᠡᠭᠡᠨ ᠠᠴᠠ ᠭᠠᠷᠭᠠᠭᠰᠠᠨ ᠬᠠᠭᠤᠴᠢᠨ ᠮᠠᠰᠢᠨ ᠲᠡᠷᠭᠡ ᠨᠢ 2024 | ᠣᠨ ᠤ 7 ᠰᠠᠷ᠎ᠠ ᠶᠢᠨ 25 ᠠᠴᠠ ᠡᠮᠦᠨ᠎ᠡ ᠲᠤᠰ ᠬᠥᠮᠥᠨ ᠤ ᠨᠡᠷ᠎ᠡ ᠳᠣᠣᠷ᠎ᠠ ᠪᠠᠶᠢᠭᠰᠠᠨ ᠪᠠᠶᠢᠬᠤ ᠬᠡᠷᠡᠭᠲᠡᠢ᠃ | ︽ᠨᠠᠷᠢᠨ ᠲᠥᠰᠥᠯ︾ ᠳᠤ ᠪᠠᠰᠠ ᠮᠠᠰᠢᠨ ᠲᠡᠷᠭᠡ ᠪᠠᠨ ᠰᠣᠯᠢᠵᠤ ᠰᠢᠨᠡᠴᠢᠯᠡᠬᠦ ᠨᠥᠬᠦᠪᠦᠷᠢ ᠶᠢᠨ ᠲᠤᠬᠠᠢ ᠲᠦᠷᠦ ᠶᠢᠨ | ᠪᠣᠳᠣᠯᠭ᠎ᠠ ᠲᠣᠭᠲᠠᠭᠠᠪᠠ᠃ ᠲᠤᠬᠠᠶᠢᠯᠠᠪᠠᠯ᠂ ᠬᠤᠪᠢ ᠬᠥᠮᠥᠨ ᠲᠤᠰ ︽ᠨᠠᠷᠢᠨ ᠲᠥᠰᠥᠯ︾ ᠢ ᠨᠡᠶᠢᠲᠡᠯᠡᠭᠰᠡᠨ ᠴᠠᠭ ᠠᠴᠠ | ᠡᠬᠢᠯᠡᠨ 2024 ᠣᠨ ᠤ 12 ᠰᠠᠷ᠎ᠠ ᠶᠢᠨ 31 ᠤ ᠡᠳᠦᠷ ᠪᠤᠯᠳᠠᠯ᠎ᠠ ᠬᠤᠪᠢ ᠬᠥᠮᠥᠨ ᠤ ᠨᠡᠷ᠎ᠡ ᠳᠣᠣᠷᠠᠬᠢ ᠰᠢᠲᠠᠮᠠᠬᠠᠢ | ᠲᠣᠰᠣ ᠬᠡᠷᠡᠭᠯᠡᠬᠦ ᠮᠠᠰᠢᠨ ᠲᠡᠷᠭᠡ ᠪᠤᠶᠤ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠠᠨ ᠪᠤᠰᠤᠳ ᠲᠤ | ᠰᠢᠯᠵᠢᠭᠦᠯᠦᠨ ᠥᠭᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠰᠠᠭᠤᠳᠠᠯ ᠤᠨ ᠮᠠᠰᠢᠨ | ᠲᠡᠷᠭᠡ ᠬᠤᠳᠠᠯᠳᠤᠨ ᠠᠪᠴᠤ᠂ ᠲᠤᠬᠠᠢ ᠶᠢᠨ ᠭᠠᠵᠠᠷ ᠤᠨ ᠮᠠᠰᠢᠨ ᠲᠡᠷᠭᠡ ᠶᠢ ᠨᠢᠭᠡᠳᠦᠯᠲᠡᠢ ᠪᠣᠷᠣᠯᠠᠭᠤᠯᠤᠭᠰᠠᠨ ᠪᠠᠷᠢᠮᠲᠠ | ᠭᠠᠷᠭᠠᠵᠤ ᠠᠪᠤᠭᠰᠠᠨ ᠪᠥᠭᠡᠳ ᠲᠡᠷᠭᠡ ᠪᠠᠨ ᠳᠠᠩᠰᠠᠯᠠᠭᠤᠯᠤᠭᠰᠠᠨ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ | ᠡᠷᠡᠮᠡᠯᠵᠡᠵᠦ ᠪᠣᠯᠣᠨ᠎ᠠ᠃ ᠰᠢᠨ᠎ᠡ ᠠᠪᠤᠭᠰᠠᠨ ᠲᠡᠷᠭᠡ ᠨᠢ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠣᠯ ᠲᠡᠷᠭᠡ | ᠬᠤᠳᠠᠯᠳᠤᠨ ᠠᠪᠤᠭᠰᠠᠨ ᠪᠠᠷᠢᠮᠲᠠ ᠶᠣᠰᠣᠭᠠᠷ 5 ᠲᠦᠮᠡᠨ ᠲᠥᠭᠦᠷᠢᠭ ᠠᠴᠠ 10 ᠲᠦᠮᠡᠨ ᠲᠥᠭᠦᠷᠢᠭ ᠤᠨ | ᠬᠤᠭᠤᠷᠤᠨᠳᠤᠭᠢ ᠲᠡᠷᠭᠡ ᠳᠤ 1.4 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ 10 ᠲᠦᠮᠡᠨ ᠲᠥᠭᠦᠷᠢᠭ ᠠᠴᠠ 20 | ᠲᠦᠮᠡᠨ ᠲᠥᠭᠦᠷᠢᠭ ᠤᠨ ᠬᠤᠭᠤᠷᠤᠨᠳᠤᠭᠢ ᠲᠡᠷᠭᠡ ᠳᠤ 1.6 ᠲᠦᠮᠡᠨ ᠲᠥᠭᠦᠷᠢᠭ ᠤᠨ ᠨᠥᠬᠦᠪᠦᠷᠢ ᠣᠯᠭᠤᠨ᠂ 20 ᠲᠦᠮᠡᠨ | ᠲᠥᠭᠦᠷᠢᠭ ᠠᠴᠠ ᠳᠡᠭᠡᠭᠰᠢᠬᠢ ᠲᠡᠷᠭᠡ ᠳᠤ 1.8 ᠲᠦᠮᠡᠨ ᠲᠥᠭᠦᠷᠢᠭ ᠤᠨ ᠨᠥᠬᠦᠪᠦᠷᠢ ᠤᠯᠭᠤᠨ᠎ᠠ︔ ᠰᠢᠨ᠎ᠡ ᠠᠪᠤᠭᠰᠠᠨ | ᠲᠡᠷᠭᠡ ᠨᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠪᠣᠯ ᠲᠡᠷᠭᠡ ᠬᠤᠳᠠᠯᠳᠤᠨ ᠠᠪᠤᠭᠰᠠᠨ ᠪᠠᠷᠢᠮᠲᠠ | ᠶᠣᠰᠣᠭᠠᠷ 5 ᠲᠦᠮᠡᠨ ᠲᠥᠭᠦᠷᠢᠭ ᠠᠴᠠ 10 ᠲᠦᠮᠡᠨ ᠲᠥᠭᠦᠷᠢᠭ ᠤᠨ ᠬᠤᠭᠤᠷᠤᠨᠳᠤᠭᠢ ᠲᠡᠷᠭᠡ ᠳᠤ 1.1 ᠲᠦᠮᠡᠨ | ᠲᠥᠭᠦᠷᠢᠭ ᠤᠨ ᠨᠥᠬᠦᠪᠦᠷᠢ ᠣᠯᠭᠤᠵᠤ᠂ 10 ᠲᠦᠮᠡᠨ ᠲᠥᠭᠦᠷᠢᠭ ᠠᠴᠠ 20 ᠲᠦᠮᠡᠨ ᠲᠥᠭᠦᠷᠢᠭ ᠤᠨ ᠬᠤᠭᠤᠷᠤᠨᠳᠤᠭᠢ | ᠲᠡᠷᠭᠡ ᠳᠤ 1.3 ᠲᠦᠮᠡᠨ ᠲᠥᠭᠦᠷᠢᠭ ᠤᠨ ᠨᠥᠬᠦᠪᠦᠷᠢ ᠣᠯᠭᠤᠨ᠂ 20 ᠲᠦᠮᠡᠨ ᠲᠥᠭᠦᠷᠢᠭ ᠠᠴᠠ ᠳᠡᠭᠡᠭᠰᠢᠬᠢ ᠲᠡᠷᠭᠡ ᠳᠤ | 1.5 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ᠬᠠᠭᠤᠴᠢᠨ ᠮᠠᠰᠢᠨ ᠲᠡᠷᠭᠡ ᠪᠠᠨ ᠬᠡᠷᠡᠭᠯᠡᠭᠡᠨ ᠠᠴᠠ ᠭᠠᠷᠭᠠᠵᠤ | ᠰᠢᠨ᠎ᠡ ᠲᠡᠷᠭᠡ ᠠᠪᠤᠭᠰᠠᠨ ᠨᠥᠬᠦᠪᠦᠷᠢ ᠣᠯᠣᠭᠰᠠᠨ ᠪᠣᠯ ᠮᠠᠰᠢᠨ ᠲᠡᠷᠭᠡ ᠪᠠᠨ ᠰᠣᠯᠢᠵᠤ ᠰᠢᠨᠡᠴᠢᠯᠡᠬᠦ ᠨᠥᠬᠦᠪᠦᠷᠢ ᠶᠢ | ᠳᠠᠪᠬᠤᠷᠳᠠᠭᠤᠯᠤᠨ ᠣᠯᠭᠤᠬᠤ ᠦᠭᠡᠢ ᠭᠡᠵᠦ ᠲᠣᠭᠲᠠᠭᠠᠪᠠ᠃ |