︵2024 ᠣᠨ ᠤ 11 ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠠᠴᠠ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠢ ᠴᠢᠩᠭᠠᠳᠬᠠᠨ ᠵᠢᠷᠤᠮᠵᠢᠭᠤᠯᠵᠤ᠂ | ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠢ ᠠᠷᠪᠢᠯᠠᠨ᠂ ᠪᠠᠶᠢᠭᠤᠯᠭ᠎ᠠ ᠶᠢᠨ ᠥᠨᠳᠥᠷ ᠦᠷ᠎ᠡ ᠪᠦᠲᠦᠮᠵᠢᠲᠡᠶ | ᠪᠥᠭᠡᠳ ᠡᠮᠬᠢ ᠵᠢᠷᠤᠮ ᠲᠠᠢ ᠠᠵᠢᠯᠯᠠᠬᠤ ᠶᠢ ᠠᠬᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠵᠢᠴᠢ ᠠᠵᠢᠯᠯᠠᠭᠠᠨ ᠤ ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠬᠤ ᠳᠤ | ᠲᠤᠰ ᠳᠦᠷᠢᠮ ᠲᠣᠬᠢᠷᠠᠨ᠎ᠠ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠣᠨ ᠤᠯᠤᠰ ᠠᠴᠠ | ᠠᠰ ᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠨᠢ ᠳᠠᠭᠠᠬᠤ ᠬᠡᠷᠡᠭᠲᠡᠢ᠃ | ᠲᠣᠰ ᠳᠦᠷᠢᠮ ᠳᠤ ᠬᠡᠯᠡᠵᠦ ᠪᠠᠶᠢᠭ᠎ᠠ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠭᠡᠳᠡᠭ ᠨᠢ ᠪᠠᠶᠢᠭᠤᠯᠭ᠎ᠠ ᠶᠢᠨ | ᠠᠵᠢᠯᠯᠠᠭᠠᠨ ᠳᠤ ᠬᠡᠷᠡᠭᠰᠡᠬᠦ ᠡᠳ᠋ ᠬᠥᠷᠥᠩᠭᠡ᠂ ᠵᠠᠷᠤᠳᠠᠯ᠂ ᠦᠢᠯᠡᠴᠢᠯᠡᠭᠡ᠂ ᠡᠨᠧᠷᠭᠢ ᠵᠡᠷᠭᠡ ᠡᠬᠢ ᠪᠠᠶᠠᠯᠢᠭ ᠤᠨ ᠬᠦᠴᠦᠨ | ᠵᠦᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ | ᠪᠠᠲᠤᠯᠠᠭ᠎ᠠ ᠬᠠᠩᠭᠠᠵᠤ ᠲᠤᠯᠭᠠᠭᠤᠷᠢᠯᠠᠬᠤ ᠠᠵᠢᠯᠯᠠᠭ᠎ᠠ ᠶᠢ ᠵᠢᠭᠠᠵᠤ ᠪᠤᠶ᠃ | ᠲᠤᠰ ᠳᠦᠷᠢᠮ ᠳᠤ ᠬᠡᠯᠡᠵᠦ ᠪᠠᠶᠢᠭ᠎ᠠ ᠪᠠᠶᠢᠭᠤᠯᠭ᠎ᠠ ᠭᠡᠳᠡᠭ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ | ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠪᠠᠶᠢᠴᠠᠭᠠᠬᠤ ᠪᠠᠶᠢᠭᠤᠯᠭ᠎ᠠ᠂ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ᠂ ᠠᠷᠠᠳ ᠤᠨ ᠪᠦᠯᠭᠦᠮ ᠤᠨ ᠪᠠᠶᠢᠭᠤᠯᠭ᠎ᠠ | ᠪᠣᠯᠣᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠪᠠᠷ ᠯᠠᠪᠯᠠᠯᠲᠠ ᠪᠣᠯᠭᠠᠨ | ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠶᠢ ᠵᠢᠭᠠᠵᠤ ᠪᠤᠶ᠃ | ᠭᠤᠷᠪᠠᠳᠤᠭᠠᠷ ᠵᠦᠢᠯ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠬᠠᠤᠯᠢ ᠶᠣᠰᠣᠭᠠᠷ ᠪᠠᠲᠤᠯᠠᠬᠤ᠂ ᠵᠢᠷᠤᠮᠵᠢᠯ ᠲᠠᠢ | ᠠᠵᠢᠯᠯᠠᠬᠤ᠂ ᠠᠮᠤᠷ ᠲᠦᠪᠰᠢᠨ ᠡᠮᠬᠢ ᠵᠢᠷᠤᠮ ᠲᠠᠢ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠶ ᠪᠠᠶᠢᠬᠤ᠂ | ᠦᠢᠯᠡᠴᠢᠯᠡᠭᠡ ᠪᠠᠷ ᠦᠨᠳᠦᠰᠦ ᠪᠤᠯᠭᠠᠬᠤ᠂ ᠢᠯᠡ ᠲᠣᠳᠣ ᠪᠠᠶᠢᠬᠤ ᠵᠠᠷᠴᠢᠮ ᠢ ᠵᠢᠷᠤᠮᠯᠠᠵᠤ᠂ ᠠᠵᠢᠯᠴᠢ ᠠᠷᠪᠢᠴᠢ ᠪᠠᠷ ᠠᠯᠢᠪᠠ | ᠦᠢᠯᠡᠰ ᠢ ᠡᠷᠭᠢᠯᠡᠭᠦ ᠶᠢ ᠪᠠᠷᠢᠮᠲᠠᠯᠠᠵᠤ᠂ ᠡᠳ᠋ ᠬᠥᠷᠥᠩᠭᠡ ᠶᠢᠨ ᠬᠠᠮᠢᠶᠠᠷᠤᠯᠲᠠ ᠪᠠᠷ ᠰᠠᠭᠤᠷᠢ ᠪᠤᠯᠭᠠᠬᠰᠠᠨ ᠲᠥᠪᠯᠡᠷᠡᠩᠭᠦᠢ | ᠨᠢᠭᠡᠳᠦᠯᠲᠡᠢ᠂ ᠡᠷᠬᠡ ᠬᠠᠷᠢᠭᠤᠴᠠᠯᠭ᠎ᠠ ᠲᠣᠳᠣᠷᠬᠠᠢ᠂ ᠬᠠᠮᠵᠢᠯᠴᠠᠭᠰᠠᠨ ᠥᠨᠳᠥᠷ ᠪᠦᠲᠦᠮᠵᠢᠲᠡᠶ ᠪᠠᠶᠢᠭᠤᠯᠭ᠎ᠠ ᠶᠢᠨ | ᠠᠵᠢᠯᠯᠠᠭᠠᠨ ᠤ ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠬᠤ ᠬᠡᠷᠡᠭᠲᠡᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠤᠭᠤᠳ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠤᠨ ᠬᠤᠯᠪᠣᠭᠳᠠᠯ ᠪᠦᠬᠦᠢ ᠳᠦᠷᠢᠮ ᠪᠣᠯᠣᠨ ᠪᠠᠷᠢᠮᠵᠢᠶ᠎ᠠ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠢ | ᠪᠠᠲᠤᠯᠠᠬᠤ ᠠᠵᠢᠯ ᠢ ᠬᠠᠷᠢᠭᠤᠴᠠᠨ᠂ ᠳᠣᠣᠷᠠᠳᠤ ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠢ | ᠵᠢᠯᠤᠭᠤᠳᠬᠤ ᠪᠠ ᠬᠢᠨᠠᠯᠲᠠ ᠲᠠᠯᠪᠢᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠲᠣᠰ ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠤ ᠲᠥᠰᠥᠪ ᠤᠨ ᠪᠠᠲᠤᠯᠠᠭ᠎ᠠ᠂ ᠡᠳ᠋ ᠬᠥᠷᠥᠩᠭᠡ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠵᠢᠴᠢ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠲᠤᠭ᠎ᠠ ᠪᠦᠷᠢᠳᠬᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠲᠤᠰᠢᠶᠠᠯ | ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠬᠠᠮᠢᠶ᠎ᠠ ᠪᠦᠬᠦᠢ ᠠᠵᠢᠯ ᠢ ᠰᠠᠶᠢᠲᠤᠷ | ᠬᠢᠬᠦ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠯᠴᠠᠨ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠪᠠᠷᠢᠮᠵᠢᠶ᠎ᠠ ᠶᠢᠨ ᠰᠢᠰᠲ᠋ᠧᠮ ᠪᠠ | ᠨᠡᠶᠢᠭᠡᠮ ᠤᠨ ᠬᠢᠨ ᠤ ᠣᠷᠤᠯᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠬᠠᠮᠢᠶ᠎ᠠ ᠪᠦᠬᠦᠢ ᠮᠡᠳᠡᠭᠡ | ᠵᠠᠩᠭᠢᠵᠢᠯᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠨᠢ ᠪᠠᠷᠢᠮᠵᠢᠶᠠᠵᠢᠭᠰᠠᠨ᠂ | ᠲᠣᠭᠠᠴᠢᠯᠠᠭᠰᠠᠨ᠂ ᠨᠡᠶᠢᠭᠡᠮᠴᠢᠯᠡᠭᠰᠡᠨ ᠪᠤᠯᠬᠤ ᠶᠢ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠨᠢ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ | ᠳᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠵᠦ᠂ ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠪᠠ ᠠᠵᠢᠯ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠪᠢᠯᠠᠨ ᠭᠠᠮᠨᠠᠬᠤ ᠶᠢ ᠡᠷᠬᠢᠮᠯᠡᠵᠦ᠂ ᠪᠠᠶᠢᠭᠤᠯᠭ᠎ᠠ ᠶᠢᠨ | ᠠᠵᠢᠯᠯᠠᠭᠠᠨ ᠤ ᠪᠠᠲᠤᠯᠠᠭ᠎ᠠ ᠶᠢᠨ ᠠᠵᠢᠯ ᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠡᠳ᠋ ᠬᠥᠷᠥᠩᠭᠡ ᠶᠢᠨ ᠬᠠᠮᠢᠶᠠᠷᠤᠯᠲᠠ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠭᠤᠯᠭ᠎ᠠ ᠶᠢᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠰ ᠱᠠᠲᠤᠨ ᠤ ᠪᠠᠶᠢᠭᠤᠯᠭ᠎ᠠ ᠶᠢᠨ ᠡᠳ᠋ ᠬᠥᠷᠥᠩᠭᠡ ᠶᠢ | ᠡᠷᠴᠢᠮᠵᠢᠭᠦᠯᠦᠨ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠴᠢᠬᠤᠯᠠ ᠶᠡᠭᠡ ᠵᠦᠢᠯᠡᠰ ᠢ ᠬᠢᠨᠠᠨ ᠪᠠᠶᠢᠴᠠᠭᠠᠵᠤ ᠵᠥᠪᠰᠢᠶᠡᠷᠡᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠲᠣᠰ ᠱᠠᠲᠤᠨ ᠤ ᠪᠠᠶᠢᠭᠤᠯᠭ᠎ᠠ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠬᠤ | ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠶᠣᠰᠣᠭᠠᠷ ᠬᠤᠯᠪᠣᠭᠳᠠᠯ ᠪᠦᠬᠦᠢ ᠪᠠᠶᠢᠭᠤᠯᠭ᠎ᠠ ᠶᠢᠨ ᠡᠳ᠋ ᠬᠥᠷᠥᠩᠭᠡ ᠶᠢ | ᠲᠣᠬᠢᠷᠠᠭᠤᠯᠬᠤ᠂ ᠬᠡᠷᠡᠭᠯᠡᠬᠦ᠂ ᠰᠢᠢᠳᠪᠦᠷᠢᠯᠡᠬᠦ ᠵᠡᠷᠭᠡ ᠪᠣᠳᠠᠲᠠᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠰ ᠵᠠᠰᠠᠭ ᠵᠠᠬᠢᠷᠭᠠᠨ ᠤ ᠣᠷᠣᠨ ᠤ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠭᠡᠷ | ᠪᠠᠶᠢᠰᠢᠩ᠂ ᠠᠯᠪᠠᠨ ᠳᠤ ᠬᠡᠷᠡᠭᠯᠡᠬᠦ ᠲᠡᠷᠭᠡ ᠵᠡᠷᠭᠡ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ | ᠵᠡᠷᠭᠡ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ ᠬᠦᠯᠢᠶᠡᠨ᠎ᠡ᠃ | ᠡᠯ᠎ᠡ ᠱᠠᠲᠤᠨ ᠤ ᠪᠠᠶᠢᠭᠤᠯᠭ᠎ᠠ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠣᠲᠣᠭᠠᠳᠤ ᠶᠢᠨ ᠡᠵᠡᠮᠳᠡᠬᠦ ᠳᠦᠷᠢᠮ ᠢ | ᠪᠦᠷᠢᠨᠰᠢᠭᠦᠯᠵᠦ᠂ ᠲᠣᠰ ᠪᠠᠶᠢᠭᠤᠯᠭ᠎ᠠ ᠶᠢᠨ ᠡᠳ᠋ ᠬᠥᠷᠥᠩᠭᠡ ᠶᠢᠨ ᠬᠡᠷᠡᠭᠯᠡᠵᠦ ᠬᠠᠮᠢᠶᠠᠷᠬᠤ ᠪᠠ ᠡᠳᠦᠷ ᠲᠤᠲᠤᠮ ᠤᠨ | ᠬᠠᠮᠠᠭᠠᠯᠠᠯᠲᠠ ᠶᠢ ᠬᠠᠷᠢᠭᠤᠴᠠᠬᠤ ᠶᠢᠨ ᠬᠠᠮᠲᠤ ᠠᠳᠠᠯᠢ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ | ᠬᠠᠷᠢᠭᠤᠴᠠᠬᠤ ᠪᠠᠶᠢᠭᠤᠯᠤᠮᠵᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢ | ᠬᠦᠯᠢᠶᠡᠬᠦ ᠬᠡᠷᠡᠭᠲᠡᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ | ᠪᠠᠶᠢᠭᠤᠯᠭ᠎ᠠ ᠶᠢᠨ ᠭᠠᠵᠠᠷ ᠬᠡᠷᠡᠭᠯᠡᠬᠦ ᠪᠠᠶᠢᠷᠢᠰᠢᠭᠤᠯᠤᠯ ᠪᠠ ᠣᠷᠣᠨ ᠵᠠᠢ ᠶᠢᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ | ᠪᠣᠳᠣᠯᠬᠢᠯᠠᠵᠤ᠂ ᠲᠣᠰ ᠱᠠᠲᠤᠨ ᠤ ᠪᠠᠶᠢᠭᠤᠯᠭ᠎ᠠ ᠶᠢᠨ ᠭᠠᠵᠠᠷ ᠬᠡᠷᠡᠭᠯᠡᠬᠦ ᠳᠤ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠶᠢ | ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠭᠤᠯᠭ᠎ᠠ ᠶᠢᠨ ᠬᠡᠷᠡᠭᠯᠡᠬᠦ | ᠭᠠᠵᠠᠷ ᠤᠨ ᠵᠦᠢ ᠵᠣᠬᠢᠰᠲᠠᠢ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠭᠠᠵᠠᠷ ᠰᠢᠷᠣᠢ ᠶᠢᠨ ᠬᠠᠩᠭᠠᠯᠭ᠎ᠠ ᠶᠢ ᠡᠮᠬᠢ | ᠵᠢᠷᠤᠮ ᠲᠠᠢ ᠲᠣᠬᠢᠷᠠᠭᠤᠯᠵᠤ᠂ ᠭᠠᠵᠠᠷ ᠬᠡᠷᠡᠭᠯᠡᠬᠦ ᠭᠠᠷᠳᠠᠮ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | ᠶᠢᠰᠦᠳᠦᠭᠡᠷ ᠵᠦᠢᠯ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠲᠥᠯᠦᠪᠵᠢᠭᠦᠯᠭᠡ᠂ ᠡᠷᠬᠡ ᠶᠢᠨ | ᠬᠠᠷᠢᠶ᠎ᠠ᠂ ᠲᠣᠬᠢᠷᠠᠭᠤᠯᠭ᠎ᠠ᠂ ᠰᠡᠯᠪᠢᠨ ᠵᠠᠰᠠᠬᠤ ᠲᠥᠯᠥᠪᠯᠡᠭᠡ ᠪᠠ ᠰᠢᠢᠳᠪᠦᠷᠢᠯᠡᠯᠲᠡ ᠳᠤ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠬᠤ | ᠪᠠᠶᠢᠭᠤᠯᠤᠮᠵᠢ ᠨᠢ ᠲᠣᠭᠲᠠᠭᠠᠯ ᠶᠣᠰᠣᠭᠠᠷ ᠲᠣᠰ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ | ᠬᠡᠷᠡᠭᠯᠡᠬᠦ ᠲᠠᠯᠠᠪᠠᠶ ᠶᠢ ᠬᠢᠨᠠᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠲᠣᠭᠤᠷᠢᠨ | ᠪᠠᠶᠢᠴᠠᠭᠠᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠵᠦᠢ ᠵᠣᠬᠢᠰᠲᠠᠢ | ᠲᠣᠬᠢᠷᠠᠭᠤᠯᠤᠨ ᠬᠡᠷᠡᠭᠯᠡᠬᠦ ᠶᠢ ᠠᠬᠢᠭᠤᠯᠬᠤ ᠭᠡᠷᠡᠭᠲᠡᠶ︔ ᠪᠠᠶᠢᠭᠤᠯᠭ᠎ᠠ ᠶᠢᠨ ᠠᠵᠢᠯᠯᠠᠬᠤ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ᠂ ᠠᠵᠢᠯᠯᠠᠬᠤ ᠲᠠᠯᠠᠪᠤᠷ ᠭᠠᠵᠠᠷ ᠢ | ᠲᠥᠪᠯᠡᠷᠡᠭᠦᠯᠬᠦ ᠪᠤᠶᠤ ᠬᠠᠷᠢᠴᠠᠩᠭᠤᠢ ᠪᠠᠷ ᠲᠥᠪᠯᠡᠷᠡᠭᠦᠯᠬᠦ ᠶᠢ ᠠᠬᠢᠭᠤᠯᠵᠤ᠂ ᠲᠣᠰ ᠱᠠᠲᠤᠨ ᠤ ᠠᠵᠢᠯᠯᠠᠬᠤ ᠲᠣᠭᠤᠷᠢᠭ ᠤᠨ | ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ | ᠠᠷᠪᠠᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠭᠡᠷ ᠪᠠᠶᠢᠰᠢᠩ ᠪᠣᠯᠣᠨ | ᠮᠡᠷᠭᠡᠵᠢᠯ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢ ᠤᠯᠤᠰ ᠪᠠ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠᠯᠠᠨ᠎ᠠ᠃ | ᠦᠯᠦ ᠬᠥᠳᠡᠯᠬᠦ ᠬᠥᠷᠥᠩᠭᠡ ᠶᠢᠨ ᠡᠷᠬᠡ ᠶᠢ ᠲᠤᠰ ᠱᠠᠲᠤᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠨᠡᠷ᠎ᠡ ᠳᠡᠭᠡᠷ᠎ᠡ ᠨᠢᠭᠡᠳᠦᠯᠲᠡᠢ ᠳᠠᠩᠰᠠᠯᠠᠬᠤ ᠬᠡᠷᠡᠭᠲᠡᠢ᠂ ᠬᠡᠷᠡᠭᠯᠡᠬᠦ ᠨᠢᠭᠡᠴᠢ ᠡᠷᠬᠡ ᠶᠢᠨ | ᠬᠠᠷᠢᠶᠠᠯᠠᠯ᠂ ᠪᠦᠲᠦᠭᠡᠨ ᠪᠠᠶᠢᠭᠤᠯᠤᠯᠲᠠ᠂ ᠰᠡᠯᠪᠢᠨ ᠵᠠᠰᠠᠯᠲᠠ ᠵᠡᠷᠭᠡ ᠠᠩᠬᠠᠨ ᠤ ᠲᠠᠩᠰᠠ ᠡᠪᠬᠡᠮᠡᠯ ᠢ ᠬᠠᠮᠲᠤ ᠳᠤᠨᠢ | ᠰᠢᠯᠵᠢᠭᠦᠯᠦᠨ ᠲᠤᠰᠢᠶᠠᠬᠤ ᠬᠡᠷᠡᠭᠲᠡᠢ᠃ | ᠮᠠᠲ᠋ᠧᠷᠢᠶᠠᠯ ᠨᠢ ᠳᠤᠲᠠᠭᠳᠠᠭᠰᠠᠨ᠂ ᠡᠷᠬᠡ ᠶᠢᠨ ᠬᠠᠷᠢᠶ᠎ᠠ ᠨᠢ ᠲᠣᠳᠣᠷᠬᠠᠢ ᠦᠭᠡᠢ ᠵᠡᠷᠭᠡ ᠠᠴᠠ ᠪᠣᠯᠵᠤ | ᠳᠠᠩᠰᠠᠯᠠᠬᠤ ᠶᠢᠨ ᠠᠷᠭ᠎ᠠ ᠦᠭᠡᠢ ᠪᠣᠯ ᠲᠣᠰ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠷᠬᠡ ᠶᠢᠨ ᠬᠠᠷᠢᠶ᠎ᠠ ᠶᠢᠨ | ᠳᠠᠩᠰᠠᠯᠠᠯ ᠬᠢᠨ᠎ᠡ᠂ ᠬᠡᠷᠡᠭᠯᠡᠬᠦ ᠨᠢᠭᠡᠴᠢ ᠠᠴᠠ ᠥᠪᠡᠰᠦᠪᠡᠨ ᠰᠢᠢᠳᠪᠦᠷᠢᠯᠡᠵᠦ ᠪᠤᠯᠬᠤ ᠦᠭᠡᠢ᠃ | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠪᠠᠶᠢᠭᠤᠯᠭ᠎ᠠ ᠨᠢ ᠠᠯᠪᠠᠨ ᠬᠡᠷᠡᠭᠯᠡᠭᠡᠨ ᠤ ᠭᠡᠷ ᠪᠠᠶᠢᠰᠢᠩ ᠢ | ᠲᠣᠬᠢᠷᠠᠭᠤᠯᠬᠤ ᠪᠠᠷᠢᠮᠵᠢᠶ᠎ᠠ ᠶᠢ ᠬᠡᠷᠡᠭᠵᠢᠭᠦᠯᠵᠦ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠨ᠂ ᠡᠳᠦᠷ ᠲᠤᠲᠤᠮ ᠤᠨ ᠪᠠᠶᠢᠴᠠᠭᠠᠬᠤ ᠪᠠ ᠬᠠᠮᠠᠭᠠᠯᠠᠬᠤ ᠶᠢ ᠬᠡᠷᠡᠭᠵᠢᠭᠦᠯᠵᠦ᠂ ᠬᠠᠤᠯᠢ | ᠲᠣᠭᠲᠠᠭᠠᠯ ᠠᠴᠠ ᠵᠥᠷᠢᠴᠡᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ᠂ ᠬᠤᠳᠠᠯᠳᠤᠨ ᠠᠪᠬᠤ᠂ | ᠲᠦᠷᠢᠶᠡᠰᠦᠯᠡᠨ ᠬᠡᠷᠡᠭᠯᠡᠬᠦ᠂ ᠵᠢᠭᠡᠯᠡᠨ ᠬᠡᠷᠡᠭᠯᠡᠬᠦ ᠪᠠ ᠲᠣᠬᠢᠷᠠᠭᠤᠯᠵᠤ ᠪᠤᠯᠬᠤ ᠦᠭᠡᠢ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ | ᠳᠤᠷ᠎ᠠ ᠪᠠᠷ ᠢᠶᠠᠨ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠯᠡᠬᠦ ᠴᠢᠳᠠᠮᠵᠢ ᠶᠢ | ᠬᠤᠪᠢᠷᠠᠭᠤᠯᠵᠤ ᠪᠤᠯᠬᠤ ᠦᠭᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠨᠢ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠰᠡᠯᠪᠢᠨ | ᠵᠠᠰᠠᠬᠤ ᠳᠤ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ᠂ ᠬᠡᠷᠡᠭᠯᠡᠬᠦ ᠴᠢᠳᠠᠮᠵᠢ ᠶᠢ ᠰᠡᠷᠭᠦᠭᠡᠬᠦ ᠪᠠ | ᠲᠡᠭᠦᠯᠳᠡᠷᠵᠢᠭᠦᠯᠬᠦ ᠪᠠᠷ ᠵᠣᠷᠢᠯᠭ᠎ᠠ ᠪᠤᠯᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠵᠢᠴᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠲᠥᠬᠦᠭᠡᠷᠦᠮᠵᠢ ᠤᠭᠰᠠᠷᠠᠬᠤ ᠶᠢᠨ ᠤᠯᠤᠰ᠂ ᠠᠵᠢᠯ ᠲᠥᠷᠥᠯ᠂ ᠣᠷᠣᠨ | ᠨᠤᠲᠤᠭ ᠤᠨ ᠮᠡᠷᠭᠡᠵᠢᠯ ᠤᠨ ᠪᠠᠷᠢᠮᠵᠢᠶ᠎ᠠ ᠶᠢᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠰᠡᠯᠪᠢᠨ ᠵᠠᠰᠠᠬᠤ ᠶᠠᠪᠤᠴᠠ ᠳᠤ ᠠᠯᠪᠠᠨ | ᠬᠡᠷᠡᠭᠯᠡᠭᠡᠨ ᠤ ᠭᠡᠷ ᠪᠠᠶᠢᠰᠢᠩ ᠢ ᠭᠡᠯᠪᠡᠷᠢ ᠶᠢ ᠨᠢ ᠥᠭᠡᠷᠡᠲᠦᠭᠦᠯᠦᠨ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠤ | ᠪᠤᠯᠬᠤ ᠦᠭᠡᠢ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠪᠠᠷᠢᠮᠵᠢᠶ᠎ᠠ ᠠᠴᠠ ᠬᠡᠲᠦᠷᠡᠭᠦᠯᠦᠨ ᠵᠠᠰᠠᠵᠤ ᠴᠢᠮᠡᠭᠯᠡᠵᠦ ᠪᠤᠯᠬᠤ | ᠦᠭᠡᠢ᠃ | ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠶᠡᠭᠡ ᠳᠤᠮᠳᠠ ᠵᠠᠰᠠᠯᠲᠠ ᠶᠢᠨ ᠲᠥᠷᠥᠯ ᠵᠦᠢᠯ ᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠠ ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠰᠤᠯᠠ ᠲᠠᠯᠪᠢᠭᠳᠠᠵᠤ ᠪᠠᠶᠢᠭ᠎ᠠ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ ᠠᠰᠢᠭᠯᠠᠨ᠎ᠠ᠃ ᠨᠥᠬᠦᠴᠡᠯ | ᠪᠦᠷᠢᠯᠳᠦᠭᠦᠯᠦᠭᠰᠡᠨ ᠪᠠᠶᠢᠪᠠᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠲᠡᠭᠦᠨ ᠢ ᠬᠤᠪᠢᠷᠠᠭᠤᠯᠵᠤ᠂ ᠪᠠᠶᠢᠭᠤᠯᠭ᠎ᠠ ᠶᠢᠨ ᠬᠡᠦᠬᠡᠳ ᠰᠠᠭᠠᠲᠠᠭᠤᠯᠬᠤ ᠭᠠᠵᠠᠷ ᠪᠤᠶᠤ ᠠᠷᠠᠳ ᠲᠤ ᠲᠥᠭᠦᠮ ᠦᠵᠡᠭᠦᠯᠭᠦ | ᠦᠢᠯᠡᠴᠢᠯᠡᠭᠡ᠂ ᠨᠡᠶᠢᠭᠡᠮ ᠲᠣᠭᠤᠷᠢᠭ ᠤᠨ ᠠᠵᠢᠯᠯᠠᠭ᠎ᠠ ᠵᠡᠷᠭᠡ ᠨᠡᠶᠢᠲᠡ ᠶᠢᠨ ᠠᠰᠠᠷᠠᠮᠵᠢ ᠶᠢᠨ ᠭᠠᠵᠠᠷ ᠪᠣᠯᠭᠠᠨ ᠥᠭᠡᠷᠡᠴᠢᠯᠡᠵᠦ | ᠪᠣᠯᠣᠨ᠎ᠠ᠃ | ᠠᠷᠪᠠᠨ ᠳᠥᠷᠪᠡᠳᠦᠭᠡᠷ ᠵᠦᠢᠯ ᠠᠯᠪᠠᠨ ᠶᠠᠪᠤᠳᠠᠯ ᠤᠨ ᠲᠡᠷᠭᠡ ᠶᠢᠨ ᠣᠷᠣᠨ ᠲᠤᠭ᠎ᠠ᠂ ᠪᠠᠷᠢᠮᠵᠢᠶ᠎ᠠ᠂ ᠬᠤᠳᠠᠯᠳᠤᠨ | ᠠᠪᠬᠤ ᠵᠠᠷᠤᠳᠠᠯ᠂ ᠬᠤᠳᠠᠯᠳᠤᠨ ᠠᠪᠴᠤ ᠲᠣᠬᠢᠷᠠᠭᠤᠯᠬᠤ᠂ ᠬᠡᠷᠡᠭᠯᠡᠵᠦ ᠬᠠᠮᠢᠶᠠᠷᠬᠤ ᠵᠡᠷᠭᠡ ᠶᠢ ᠤᠯᠤᠰ ᠪᠣᠯᠣᠨ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠠᠯᠪᠠᠨ ᠶᠠᠪᠤᠳᠠᠯ ᠤᠨ ᠲᠡᠷᠭᠡ ᠶᠢᠨ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠶᠢ | ᠴᠢᠩᠭᠠᠳᠬᠠᠵᠤ᠂ ᠣᠨᠳᠣᠣ ᠭᠠᠵᠠᠷ ᠲᠤ ᠬᠠᠮᠲᠤᠷᠠᠨ ᠬᠥᠳᠡᠯᠦᠯᠴᠡᠬᠦ ᠪᠠᠲᠤᠯᠠᠭ᠎ᠠ᠂ ᠲᠣᠰ ᠱᠠᠲᠤᠨ ᠤ ᠪᠠᠶᠢᠭᠤᠯᠭ᠎ᠠ ᠶᠢᠨ | ᠨᠢᠭᠡᠳᠦᠯᠲᠡᠢ ᠪᠠᠲᠤᠯᠠᠭ᠎ᠠ᠂ ᠨᠡᠶᠢᠭᠡᠮᠴᠢᠯᠡᠭᠰᠡᠨ ᠬᠠᠮᠲᠤᠷᠠᠨ ᠬᠥᠳᠡᠯᠦᠯᠴᠡᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢ | ᠠᠬᠢᠭᠤᠯᠵᠤ᠂ ᠠᠯᠪᠠᠨ ᠶᠠᠪᠤᠳᠠᠯ ᠤᠨ ᠲᠡᠷᠭᠡ ᠶᠢᠨ ᠠᠵᠢᠯᠯᠠᠭᠠᠨ ᠤ ᠦᠷ᠎ᠡ ᠠᠰᠢᠭ ᠪᠠ ᠪᠠᠲᠤᠯᠠᠭ᠎ᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠬᠡᠷᠡᠭᠲᠡᠢ᠃ | ᠡᠯ᠎ᠡ ᠱᠠᠲᠤᠨ ᠤ ᠪᠠᠶᠢᠭᠤᠯᠭ᠎ᠠ ᠨᠤᠭᠤᠳ ᠡᠯ᠎ᠡ ᠲᠥᠷᠥᠯ ᠤᠨ ᠠᠯᠪᠠᠨ ᠶᠠᠪᠤᠳᠠᠯ ᠤᠨ ᠲᠡᠷᠭᠡ ᠶᠢ ᠮᠡᠳᠡᠭᠡ | ᠵᠠᠩᠭᠢᠴᠢᠯᠠᠯᠲᠠ ᠶᠢᠨ ᠲᠠᠪᠴᠠᠩ ᠳᠤ ᠣᠷᠣᠭᠤᠯᠤᠨ ᠲᠥᠪᠯᠡᠷᠡᠭᠦᠯᠦᠨ ᠬᠠᠮᠢᠶᠠᠷᠴᠤ᠂ ᠠᠯᠪᠠᠨ ᠶᠠᠪᠤᠳᠠᠯ ᠤᠨ ᠲᠡᠷᠭᠡ ᠶᠢᠨ | ᠬᠡᠷᠡᠭᠯᠡᠯᠲᠡ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ | ᠠᠯᠪᠠᠨ ᠶᠠᠪᠤᠳᠠᠯ ᠤᠨ ᠲᠡᠷᠭᠡ ᠶᠢ ᠲᠣᠬᠢᠷᠠᠭᠤᠯᠬᠤ᠂ ᠰᠢᠨᠡᠳᠬᠡᠬᠦ᠂ ᠬᠡᠷᠡᠭᠯᠡᠬᠦ ᠪᠠ ᠰᠢᠢᠳᠪᠦᠷᠢᠯᠡᠵᠦ ᠪᠤᠯᠬᠤ ᠦᠭᠡᠢ᠃ | ᠠᠷᠪᠠᠨ ᠲᠠᠪᠤᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠶᠢ | ᠦᠨᠳᠦᠰᠦᠯᠡᠨ ᠠᠯᠪᠠᠨ ᠠᠵᠢᠯ ᠤᠨ ᠲᠥᠬᠦᠭᠡᠷᠦᠮᠵᠢ ᠪᠣᠯᠣᠨ ᠠᠯᠪᠠᠨ ᠭᠡᠷ ᠤᠨ ᠬᠡᠷᠡᠭᠰᠡᠯ ᠲᠣᠬᠢᠷᠠᠭᠤᠯᠬᠤ ᠬᠡᠷᠡᠭᠲᠡᠢ᠃ | ᠨᠥᠬᠦᠴᠡᠯ ᠪᠦᠷᠢᠯᠳᠦᠭᠦᠯᠦᠭᠰᠡᠨ ᠪᠠᠶᠢᠪᠠᠯ ᠠᠳᠠᠯᠢ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ | ᠬᠠᠷᠢᠭᠤᠴᠠᠵᠤ ᠪᠠᠶᠢᠭ᠎ᠠ ᠪᠠᠶᠢᠭᠤᠯᠤᠮᠵᠢ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ | ᠲᠣᠬᠢᠷᠠᠭᠤᠯᠤᠨ᠎ᠠ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ | ᠪᠠᠶᠢᠭᠤᠯᠤᠮᠵᠢ ᠨᠤᠭᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠡᠶᠢᠲᠡ ᠶᠢᠨ ᠡᠳ᠋ ᠤᠨ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠶᠢᠭᠤᠯᠭ᠎ᠠ ᠶᠢᠨ ᠦᠷ᠎ᠡ ᠠᠰᠢᠭ ᠢᠶᠠᠷ ᠳᠣᠣᠷ᠎ᠠ᠂ ᠰᠤᠯᠠ | ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠪᠦᠲᠦᠮᠵᠢᠲᠡᠶ ᠨᠡᠶᠢᠳᠬᠡᠵᠦ᠂ ᠠᠮᠢᠳᠤᠯᠢᠭᠵᠢᠭᠤᠯᠤᠨ ᠠᠰᠢᠭᠯᠠᠵᠤ᠂ ᠦᠷ᠎ᠡ | ᠠᠰᠢᠭ ᠢᠶᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠵᠢᠴᠢ ᠴᠢᠬᠤᠯᠠ ᠬᠤᠷᠠᠯ᠂ ᠴᠢᠬᠤᠯᠠ ᠶᠡᠭᠡ | ᠠᠵᠢᠯᠯᠠᠭ᠎ᠠ ᠶᠢᠨ ᠡᠳ᠋ ᠬᠥᠷᠥᠩᠭᠡ ᠶᠢᠨ ᠨᠡᠶᠢᠳᠡ ᠶᠢᠨ ᠡᠳ᠋ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠵᠤ᠂ ᠬᠠᠮᠢᠶ᠎ᠠ | ᠪᠦᠬᠦᠢ ᠪᠣᠳᠠᠲᠠᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢᠴᠢᠯᠠᠯᠲᠠ ᠶᠢᠨ | ᠲᠠᠪᠴᠠᠩ ᠤᠨ ᠬᠡᠷᠡᠭᠯᠡᠯᠲᠡ ᠶᠢ ᠴᠢᠩᠭᠠᠳᠬᠠᠨ᠂ ᠡᠳ᠋ ᠬᠥᠷᠥᠩᠭᠡ ᠶᠢ ᠡᠷᠭᠢᠯᠳᠦᠭᠦᠯᠦᠨ ᠠᠰᠢᠭᠯᠠᠬᠤ ᠪᠠ ᠬᠠᠮᠲᠤ ᠪᠠᠷ ᠡᠳ᠋ᠯᠡᠨ | ᠬᠠᠮᠲᠤ ᠪᠠᠷ ᠬᠡᠷᠡᠭᠯᠡᠬᠦ ᠶᠢ ᠠᠬᠢᠭᠤᠯᠬᠤ ᠬᠡᠷᠡᠭᠲᠡᠢ᠃ | ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ᠂ ᠲᠦᠷ ᠴᠠᠭ ᠤᠨ ᠪᠠᠶᠢᠭᠤᠯᠤᠮᠵᠢ ᠪᠠ ᠠᠳᠠᠯᠢ ᠱᠠᠲᠤᠨ ᠤ | ᠪᠠᠶᠢᠭᠤᠯᠭ᠎ᠠ ᠳᠤ ᠡᠳ᠋ ᠬᠥᠷᠥᠩᠭᠡ ᠲᠣᠬᠢᠷᠠᠭᠤᠯᠬᠤ ᠴᠢᠬᠤᠯᠠᠲᠠᠢ ᠪᠠᠶᠢᠪᠠᠯ ᠨᠡᠶᠢᠲᠡ ᠶᠢᠨ ᠡᠳ᠋ ᠤᠨ ᠬᠥᠮᠥᠷᠭᠡ ᠠᠴᠠ | ᠤᠷᠢᠳ ᠢᠶᠠᠷ ᠲᠣᠬᠢᠷᠠᠭᠤᠯᠤᠨ ᠬᠡᠷᠡᠭᠯᠡᠬᠦ ᠬᠡᠷᠡᠭᠲᠡᠢ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠪᠠᠶᠢᠭᠤᠯᠭ᠎ᠠ ᠶᠢᠨ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠪᠠᠶᠢᠭᠤᠯᠭ᠎ᠠ ᠶᠢᠨ | ᠠᠵᠢᠯᠯᠠᠭᠠᠨ ᠢ ᠬᠠᠩᠭᠠᠬᠤ ᠳᠤ ᠬᠡᠷᠡᠭᠰᠡᠬᠦ ᠪᠤᠰᠤᠳ ᠡᠳ᠋ ᠬᠥᠷᠥᠩᠭᠡ ᠪᠠᠷ ᠰᠣᠯᠢᠵᠤ ᠪᠣᠯᠣᠨ᠎ᠠ᠃ | ᠡᠯ᠎ᠡ ᠱᠠᠲᠤᠨ ᠤ ᠪᠠᠶᠢᠭᠤᠯᠭ᠎ᠠ ᠶᠢᠨ ᠳᠣᠲᠣᠭᠠᠳᠤ ᠳᠤ ᠲᠣᠬᠢᠷᠠᠭᠤᠯᠤᠨ ᠠᠰᠢᠭᠯᠠᠬᠤ ᠶᠢᠨ ᠠᠷᠭ᠎ᠠ ᠦᠭᠡᠢ ᠬᠡᠷᠡᠭᠯᠡᠬᠦ | ᠥᠷᠲᠡᠭ ᠨᠢ ᠶᠡᠭᠡ᠂ ᠠᠰᠢᠭᠯᠠᠬᠤ ᠬᠡᠪᠴᠢᠶ᠎ᠡ ᠨᠢ ᠥᠷᠭᠡᠨ ᠪᠥᠭᠡᠳ ᠦᠷ᠎ᠡ ᠠᠰᠢᠭ ᠢᠶᠠᠷ ᠳᠣᠣᠷ᠎ᠠ᠂ ᠰᠤᠯᠠ ᠲᠠᠯᠪᠢᠭᠳᠠᠵᠤ | ᠪᠠᠶᠢᠭ᠎ᠠ ᠡᠳ᠋ ᠬᠥᠷᠥᠩᠭᠡ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠳ᠋ ᠤᠨ ᠵᠠᠰᠠᠭ ᠤᠨ ᠰᠠᠯᠠᠭ᠎ᠠ ᠮᠥᠴᠢᠷ | ᠪᠣᠯᠣᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠠᠴᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠲᠠᠰ | ᠱᠠᠲᠤ ᠠᠯᠤᠰᠯᠠᠨ ᠲᠣᠬᠢᠷᠠᠭᠤᠯᠵᠤ ᠪᠣᠯᠣᠨ᠎ᠠ᠃ | ᠲᠣᠬᠢᠷᠠᠭᠤᠯᠤᠨ ᠬᠡᠷᠡᠭᠯᠡᠬᠦ᠂ ᠬᠡᠷᠡᠭᠴᠡᠭᠡ ᠶᠢ ᠨᠢ ᠬᠤᠪᠢᠷᠠᠭᠤᠯᠬᠤ᠂ ᠰᠣᠯᠢᠬᠤ᠂ ᠲᠦᠷᠢᠶᠡᠰᠦᠯᠡᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠰᠢᠢᠳᠪᠦᠷᠢᠯᠡᠵᠦ ᠠᠰᠢᠭᠯᠠᠬᠤ ᠶᠢᠨ ᠠᠷᠭ᠎ᠠ ᠦᠭᠡᠢ ᠰᠤᠯᠠ ᠲᠠᠯᠪᠢᠭᠳᠠᠵᠤ ᠪᠠᠶᠢᠭ᠎ᠠ ᠡᠳ᠋ | ᠬᠥᠷᠥᠩᠭᠡ ᠶᠢ ᠲᠣᠭᠲᠠᠭᠰᠠᠨ ᠲᠠᠰ ᠳᠠᠷᠠᠭᠠᠯᠠᠯ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠢᠶᠠᠷ ᠳᠠᠮᠵᠢᠨ ᠬᠠᠤᠯᠢ ᠶᠣᠰᠣᠭᠠᠷ ᠢᠯᠡ ᠪᠠᠷ ᠦᠨ᠎ᠡ ᠬᠠᠶᠠᠯᠴᠠᠨ ᠬᠤᠳᠠᠯᠳᠤᠵᠤ ᠪᠣᠯᠣᠨ᠎ᠠ᠃ ᠰᠤᠯᠠ ᠲᠠᠯᠪᠢᠭᠳᠠᠵᠤ | ᠪᠠᠶᠢᠭ᠎ᠠ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠦᠨ᠎ᠡ ᠬᠠᠶᠠᠯᠴᠠᠭᠤᠯᠤᠨ ᠬᠤᠳᠠᠯᠳᠤᠬᠤ ᠵᠡᠷᠭᠡ ᠰᠢᠢᠳᠪᠦᠷᠢᠯᠡᠭᠰᠡᠨ | ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠣᠯᠣᠨ ᠤᠯᠤᠰ ᠤᠨ ᠬᠥᠮᠥᠷᠭᠡ ᠶᠢᠨ | ᠲᠥᠪᠯᠡᠷᠡᠭᠦᠯᠦᠨ ᠬᠤᠷᠢᠶᠠᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ᠃ | ᠭᠤᠷᠪᠠᠳᠤᠭᠠᠷ ᠪᠦᠯᠦᠭ ᠵᠠᠷᠤᠳᠠᠯ ᠤᠨ ᠬᠡᠷᠡᠭᠯᠡᠯᠲᠡ | ᠠᠷᠪᠠᠨ ᠨᠠᠢᠮᠠᠳᠤᠭᠠᠷ ᠵᠦᠢᠯ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠳᠤ ᠬᠡᠷᠡᠭᠰᠡᠬᠦ ᠵᠠᠷᠤᠳᠠᠯ ᠢ | ᠲᠥᠰᠥᠪ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠪᠠᠲᠤᠯᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠲᠣᠰ ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠣᠨ ᠤ ᠲᠥᠯᠥᠪᠯᠡᠭᠡ ᠶᠢ | ᠲᠣᠭᠲᠠᠭᠠᠵᠤ᠂ ᠬᠠᠮᠢᠶᠠᠷᠤᠯᠲᠠ ᠶᠢᠨ ᠵᠦᠢᠯᠡᠰ ᠲᠤ ᠨᠢᠭᠡᠳᠦᠯᠲᠡᠢ ᠲᠥᠯᠦᠪᠵᠢᠭᠦᠯᠭᠡ ᠪᠠ ᠵᠦᠢ ᠵᠣᠬᠢᠰᠲᠠᠢ ᠲᠣᠬᠢᠷᠠᠭᠤᠯᠤᠯᠲᠠ | ᠬᠢᠵᠦ᠂ ᠪᠠᠶᠢᠭᠤᠯᠭ᠎ᠠ ᠶᠢᠨ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠠᠰᠢᠭᠯᠠᠯᠲᠠ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ | ᠲᠣᠬᠢᠷᠠᠭᠤᠯᠬᠤ ᠪᠠ ᠶᠡᠭᠡ ᠳᠤᠮᠳᠠ ᠵᠠᠰᠠᠯᠲᠠ ᠬᠢᠬᠦ᠂ ᠨᠡᠶᠢᠲᠡ ᠶᠢᠨ ᠡᠳ᠋ ᠤᠨ ᠬᠥᠮᠥᠷᠭᠡ ᠶᠢ ᠬᠠᠮᠢᠶᠠᠷᠴᠤ ᠠᠵᠢᠯᠯᠠᠭᠤᠯᠬᠤ᠂ | ᠠᠯᠪᠠᠨ ᠶᠠᠪᠤᠳᠠᠯ ᠤᠨ ᠲᠡᠷᠭᠡ ᠶᠢ ᠲᠣᠬᠢᠷᠠᠭᠤᠯᠬᠤ ᠪᠠ ᠰᠢᠨᠡᠳᠬᠡᠬᠦ᠂ ᠡᠨᠧᠷᠭᠢ ᠠᠷᠪᠢᠯᠠᠬᠤ ᠬᠠᠮᠢᠶᠠᠷᠤᠯᠲᠠ᠂ ᠠᠷᠤ ᠲᠠᠯ᠎ᠠ ᠶᠢᠨ | ᠦᠢᠯᠡᠴᠢᠯᠡᠭᠡᠨ ᠤ ᠠᠵᠢᠯ ᠢ ᠲᠥᠪᠯᠡᠷᠡᠭᠦᠯᠦᠨ ᠬᠡᠷᠡᠭᠵᠢᠭᠦᠯᠬᠦ ᠵᠡᠷᠭᠡ ᠪᠠᠶᠢᠭᠤᠯᠭ᠎ᠠ ᠶᠢᠨ ᠠᠵᠢᠯᠯᠠᠭᠠᠨ ᠤ ᠵᠦᠢᠯᠡᠰ ᠤᠨ | ᠪᠠᠲᠤᠯᠠᠭ᠎ᠠ ᠶᠢᠨ ᠲᠥᠯᠥᠪᠯᠡᠭᠡ ᠶᠢ ᠨᠢᠭᠡᠳᠦᠯᠲᠡᠢ ᠲᠣᠭᠲᠠᠭᠠᠵᠤ᠂ ᠵᠣᠬᠢᠬᠤ ᠵᠠᠷᠤᠳᠠᠯ ᠤᠨ ᠬᠡᠷᠡᠭᠴᠡᠭᠡ ᠱᠠᠭᠠᠷᠳᠠᠯᠭ᠎ᠠ ᠶᠢ | ᠳᠤᠷᠠᠳᠴᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠵᠦ ᠬᠢᠨᠠᠨ ᠬᠠᠷᠭᠤᠭᠤᠯᠵᠤ ᠲᠥᠰᠥᠪ ᠲᠣᠬᠢᠷᠠᠭᠤᠯᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠡᠯ᠎ᠡ ᠱᠠᠲᠤᠨ ᠤ ᠪᠠᠶᠢᠭᠤᠯᠭ᠎ᠠ ᠨᠢ ᠲᠤᠰ ᠪᠠᠶᠢᠭᠤᠯᠭ᠎ᠠ ᠵᠢᠴᠢ ᠬᠠᠷᠢᠶ᠎ᠠ | ᠨᠢᠭᠡᠴᠢ ᠶᠢᠨ ᠢᠶᠠᠨ ᠠᠵᠢᠯᠯᠠᠭᠠᠨ ᠢ ᠪᠠᠲᠤᠯᠠᠬᠤ ᠬᠡᠷᠡᠭᠴᠡᠭᠡ ᠶᠢ ᠦᠨᠳᠦᠰᠦᠯᠡᠨ ᠣᠨ ᠤ ᠪᠠᠲᠤᠯᠠᠭ᠎ᠠ ᠶᠢᠨ ᠲᠥᠯᠥᠪᠯᠡᠭᠡ | ᠲᠣᠭᠲᠠᠭᠠᠵᠤ᠂ ᠬᠡᠷᠡᠭᠰᠡᠬᠦ ᠪᠡᠯᠡ ᠮᠥᠩᠭᠦ ᠶᠢ ᠰᠠᠯᠠᠭ᠎ᠠ ᠮᠥᠴᠢᠷ ᠤᠨ ᠲᠥᠰᠥᠪ ᠢᠶᠠᠷ ᠳᠠᠮᠵᠢᠨ ᠲᠣᠬᠢᠷᠠᠭᠤᠯᠬᠤ ᠬᠡᠷᠡᠭᠲᠡᠢ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠠᠴᠠ ᠲᠤᠰ ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠢ | ᠪᠠᠲᠤᠯᠠᠬᠤ ᠪᠣᠳᠠᠲᠤ ᠡᠳ᠋ ᠤᠨ ᠲᠣᠭᠲᠠᠭᠰᠠᠨ ᠨᠣᠷᠮ᠎ᠠ ᠪᠣᠯᠣᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ | ᠴᠠᠭ ᠲᠤᠨᠢ ᠲᠣᠬᠢᠷᠠᠭᠤᠯᠤᠨ ᠬᠥᠳᠡᠯᠦᠩᠭᠦᠢ ᠲᠣᠬᠢᠷᠠᠭᠤᠯᠤᠯᠲᠠ ᠬᠢᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠪᠣᠳᠠᠲᠤ ᠪᠣᠳᠠᠰ ᠤᠨ ᠲᠣᠭᠲᠠᠭᠰᠠᠨ ᠨᠣᠷᠮ᠎ᠠ ᠪᠣᠯᠣᠨ ᠦᠢᠯᠡᠴᠢᠯᠡᠭᠡᠨ ᠤ ᠪᠠᠷᠢᠮᠵᠢᠶ᠎ᠠ ᠶᠢ ᠦᠨᠳᠦᠰᠦᠯᠡᠨ | ᠬᠤᠯᠪᠣᠭᠳᠠᠯ ᠪᠦᠬᠦᠢ ᠪᠠᠷᠠᠭ᠎ᠠ ᠪᠣᠯᠣᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠯᠠᠪᠯᠠᠯᠲᠠ ᠪᠤᠯᠭᠠᠵᠤ᠂ | ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠲᠥᠰᠥᠪ ᠤᠨ ᠵᠠᠷᠤᠯᠭ᠎ᠠ ᠶᠢᠨ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ | ᠪᠣᠯᠣᠨ ᠬᠤᠯᠪᠣᠭᠳᠠᠯ ᠪᠦᠬᠦᠢ ᠵᠠᠷᠤᠯᠭ᠎ᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠤᠭᠤᠳ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ | ᠬᠠᠩᠭᠠᠯᠭ᠎ᠠ ᠶᠢ ᠨᠡᠶᠢᠭᠡᠮᠴᠢᠯᠡᠬᠦ ᠶᠢ ᠲᠦᠯᠬᠢᠨ ᠠᠬᠢᠭᠤᠯᠵᠤ᠂ ᠨᠡᠶᠢᠭᠡᠮᠴᠢᠯᠡᠭᠰᠡᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠨᠡᠶᠢᠭᠡᠮᠴᠢᠯᠡᠭᠰᠡᠨ | ᠦᠢᠯᠡᠴᠢᠯᠡᠭᠡᠨ ᠤ ᠵᠢᠯᠤᠭᠤᠳᠬᠤ ᠭᠠᠷᠴᠠᠭ ᠢ ᠲᠣᠭᠲᠠᠭᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠪᠠ | ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ | ᠵᠢᠯᠤᠭᠤᠳᠬᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠦᠢᠯᠡᠴᠢᠯᠡᠭᠡᠨ ᠤ ᠲᠥᠷᠥᠯ ᠵᠦᠢᠯ ᠢ ᠡᠯ᠎ᠡ ᠱᠠᠲᠤᠨ ᠤ | ᠪᠠᠶᠢᠭᠤᠯᠭ᠎ᠠ ᠨᠤᠭᠤᠳ ᠬᠢᠮᠳᠠ ᠪᠥᠭᠡᠳ ᠲᠣᠬᠢᠷᠠᠭᠰᠠᠨ ᠵᠠᠷᠴᠢᠮ ᠤᠨ ᠶᠣᠰᠣᠭᠠᠷ ᠬᠠᠤᠯᠢ ᠶᠣᠰᠣᠭᠠᠷ ᠵᠠᠬ᠎ᠠ ᠳᠡᠯᠭᠡᠭᠦᠷ ᠤᠨ | ᠭᠤᠣᠯ ᠴᠣᠭᠴᠠ ᠳᠤ ᠬᠠᠨᠳᠤᠭᠤᠯᠤᠨ ᠢᠯᠡ ᠪᠠᠷ ᠰᠢᠯᠢᠳᠡᠭ ᠢ ᠨᠢ ᠰᠣᠩᠭᠤᠵᠤ ᠬᠤᠳᠠᠯᠳᠤᠨ ᠠᠪᠴᠤ ᠪᠣᠯᠣᠨ᠎ᠠ᠃ ᠵᠠᠰᠠᠭ ᠤᠨ | ᠣᠷᠳᠣᠨ ᠤ ᠬᠤᠳᠠᠯᠳᠤᠨ ᠠᠪᠬᠤ ᠬᠡᠪᠴᠢᠶᠡᠨ ᠳᠤ ᠬᠠᠷᠢᠶᠠᠯᠠᠭᠳᠠᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠤᠭᠤᠳ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠡᠳ᠋ ᠤᠨ ᠵᠠᠰᠠᠭ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠠᠴᠠ ᠲᠣᠭᠲᠠᠭᠠᠭᠰᠠᠨ | ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠤᠨ ᠲᠤᠭ᠎ᠠ ᠪᠦᠷᠢᠳᠬᠡᠯ᠂ ᠵᠠᠳᠠᠯᠬᠤ᠂ ᠦᠨᠡᠯᠡᠬᠦ | ᠵᠡᠷᠭᠡ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃ | ᠳᠥᠷᠪᠡᠳᠦᠭᠡᠷ ᠪᠦᠯᠦᠭ ᠡᠬᠢ ᠪᠠᠶᠠᠯᠢᠭ ᠢ ᠠᠷᠪᠢᠯᠠᠬᠤ | ᠬᠤᠷᠢᠨ ᠭᠤᠷᠪᠠᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠪᠣᠬᠢᠷᠳᠤᠯ ᠦᠭᠡᠢ ᠬᠥᠭᠵᠢᠯᠲᠡ ᠶᠢᠨ | ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠪᠢᠲᠠᠢ ᠲᠣᠬᠢᠷᠠᠮᠵᠢᠲᠠᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠠᠵᠢᠯ ᠤᠨ ᠠᠷᠭ᠎ᠠ ᠭᠡᠯᠪᠡᠷᠢ᠂ ᠠᠮᠢᠳᠤᠷᠠᠯ ᠤᠨ ᠠᠷᠭ᠎ᠠ ᠭᠡᠯᠪᠡᠷᠢ ᠶᠢ ᠰᠠᠨᠠᠭᠠᠴᠢᠯᠠᠵᠤ᠂ ᠪᠦᠷᠢᠯᠭᠡᠨ ᠰᠦᠢᠳᠬᠡᠬᠦ ᠠᠵᠢᠯᠯᠠᠭ᠎ᠠ ᠶᠢ | ᠡᠰᠡᠷᠭᠦᠴᠡᠵᠦ᠂ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ | ᠡᠯ᠎ᠡ ᠱᠠᠲᠤᠨ ᠤ ᠪᠠᠶᠢᠭᠤᠯᠭ᠎ᠠ ᠶᠢᠨ ᠭᠡᠷᠡᠲᠦ ᠡᠨᠧᠷᠭᠢ ᠶᠢᠨ ᠬᠠᠮᠢᠶᠠᠷᠤᠯᠲᠠ᠂ ᠭᠡᠷᠡᠲᠦ ᠤᠰᠤ ᠠᠷᠪᠢᠯᠠᠬᠤ ᠬᠠᠮᠢᠶᠠᠷᠤᠯᠲᠠ | ᠥᠷᠨᠢᠭᠦᠯᠬᠦ ᠶᠢ ᠵᠣᠷᠢᠭᠵᠢᠭᠤᠯᠤᠨ᠎ᠠ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠬᠤ ᠪᠠᠶᠢᠭᠤᠯᠤᠮᠵᠢ ᠨᠤᠭᠤᠳ ᠠᠳᠠᠯᠢ ᠱᠠᠲᠤᠨ ᠤ ᠡᠨᠧᠷᠭᠢ ᠠᠷᠪᠢᠯᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠵᠢᠯᠣᠭᠤᠳᠤᠯᠭ᠎ᠠ ᠶᠢᠨ ᠳᠣᠣᠷ᠎ᠠ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ | ᠲᠥᠯᠦᠪᠵᠢᠭᠦᠯᠭᠡ᠂ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠱᠠᠲᠤᠨ ᠤ | ᠪᠠᠶᠢᠭᠤᠯᠭ᠎ᠠ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠳᠣᠣᠷᠠᠳᠤ ᠱᠠᠲᠤᠨ ᠤ | ᠪᠠᠶᠢᠭᠤᠯᠭ᠎ᠠ ᠶᠢᠨ ᠡᠨᠧᠷᠭᠢ ᠠᠷᠪᠢᠯᠠᠬᠤ ᠠᠵᠢᠯ ᠢ ᠲᠦᠯᠬᠢᠨ ᠠᠬᠢᠭᠤᠯᠬᠤ᠂ ᠵᠢᠯᠤᠭᠤᠳᠬᠤ᠂ ᠵᠣᠬᠢᠴᠠᠭᠤᠯᠬᠤ ᠪᠠ ᠬᠢᠨᠠᠯᠲᠠ | ᠲᠠᠯᠪᠢᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠡᠨᠧᠷᠭᠢ ᠠᠷᠪᠢᠯᠠᠬᠤ ᠬᠠᠮᠢᠶᠠᠷᠤᠯᠲᠠ ᠪᠠᠨ | ᠴᠢᠩᠭᠠᠳᠬᠠᠵᠤ᠂ ᠮᠡᠷᠭᠡᠵᠢᠯ ᠤᠨ ᠲᠠᠯ᠎ᠠ ᠪᠠᠷ ᠬᠡᠷᠡᠭᠵᠢᠭᠦᠯᠦᠭᠦᠰᠢᠲᠡᠢ᠂ ᠠᠵᠤ ᠠᠬᠤᠢ ᠶᠢᠨ ᠲᠠᠯ᠎ᠠ ᠪᠠᠷ ᠵᠦᠢ ᠵᠣᠬᠢᠰᠲᠠᠢ ᠠᠷᠭ᠎ᠠ | ᠬᠡᠮᠵᠢᠶ᠎ᠡ ᠠᠪᠴᠤ ᠪᠠᠶᠢᠭᠠᠳ ᠡᠨᠧᠷᠭᠢ ᠶᠢᠨ ᠬᠤᠷᠣᠭᠳᠠᠯ ᠢ ᠪᠠᠭᠠᠰᠬᠠᠵᠤ᠂ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠢ | ᠡᠨᠧᠷᠭᠢ ᠠᠷᠪᠢᠯᠠᠬᠤ᠂ ᠤᠰᠤ ᠠᠷᠪᠢᠯᠠᠬᠤ᠂ ᠬᠤᠷᠣᠭᠳᠠᠯ ᠮᠠᠲ᠋ᠧᠷᠢᠶᠠᠯ ᠢ ᠠᠷᠪᠢᠯᠠᠬᠤ ᠦᠢᠯᠡᠳᠬᠦᠨ ᠵᠢᠴᠢ ᠳᠠᠬᠢᠯᠲᠠ | ᠦᠢᠯᠡᠳᠬᠦᠨ ᠢ ᠤᠷᠢᠳ ᠢᠶᠠᠷ ᠬᠤᠳᠠᠯᠳᠤᠨ ᠠᠪᠬᠤ ᠪᠠ ᠬᠡᠷᠡᠭᠯᠡᠵᠦ᠂ ᠰᠢᠨ᠎ᠡ ᠡᠨᠧᠷᠭᠢ ᠪᠠ ᠳᠠᠬᠢᠯᠲᠠ ᠡᠨᠧᠷᠭᠢ ᠶᠢᠨ | ᠰᠤᠷᠪᠤᠯᠵᠢ ᠶᠢ ᠲᠦᠷᠦᠭᠦᠯᠡᠨ ᠠᠰᠢᠭᠯᠠᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠴᠢᠩᠭᠠᠳᠬᠠᠨ᠂ ᠠᠯᠪᠠᠨ ᠠᠵᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠪᠣᠬᠢᠷᠳᠤᠯ ᠦᠭᠡᠢ | ᠬᠥᠭᠵᠢᠭᠦᠯᠦᠯᠲᠡ ᠶᠢ ᠪᠡᠶᠡᠯᠡᠭᠦᠯᠦᠨ᠎ᠡ᠃ | ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠨᠤᠭᠤᠳ ᠤᠰᠤ ᠠᠷᠪᠢᠯᠠᠵᠤ ᠬᠡᠷᠡᠭᠯᠡᠬᠦ | ᠬᠠᠮᠢᠶᠠᠷᠤᠯᠲᠠ ᠪᠠᠨ ᠴᠢᠩᠭᠠᠳᠬᠠᠨ᠂ ᠤᠰᠤ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠰᠤ ᠬᠡᠷᠡᠭᠯᠡᠬᠦ | ᠲᠥᠬᠦᠭᠡᠷᠦᠮᠵᠢ ᠶᠢᠨ ᠡᠳᠦᠷ ᠲᠤᠳᠤᠮ ᠤᠨ ᠬᠠᠮᠠᠭᠠᠯᠠᠯᠲᠠ ᠪᠣᠯᠣᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠤᠰᠤ | ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠤᠷ᠎ᠠ ᠮᠡᠷᠭᠡᠰᠢᠯ ᠪᠣᠯᠣᠨ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠤᠰᠤ | ᠠᠷᠪᠢᠯᠠᠬᠤ ᠭᠡᠯᠪᠡᠷᠢ ᠶᠢᠨ ᠨᠢᠭᠡᠴᠢ ᠶᠢ ᠪᠦᠲᠦᠭᠡᠨ ᠪᠠᠶᠢᠭᠤᠯᠬᠤ ᠬᠡᠷᠡᠭᠲᠡᠢ᠃ | ᠨᠥᠬᠦᠴᠡᠯ ᠪᠣᠯᠣᠯᠴᠠᠭ᠎ᠠ ᠲᠠᠢ ᠨᠢᠭᠡᠴᠢ ᠶᠢᠨ ᠪᠣᠷᠣᠭᠠᠨ ᠤ ᠤᠰᠤ᠂ ᠳᠠᠬᠢᠯᠲᠠ ᠤᠰᠤ ᠶᠢ ᠠᠰᠢᠭᠯᠠᠬᠤ ᠶᠢ | ᠵᠣᠷᠢᠭᠵᠢᠭᠤᠯᠤᠨ᠎ᠠ᠃ | ᠬᠤᠷᠢᠨ ᠳᠣᠯᠣᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠨᠤᠭᠤᠳ ᠤᠯᠤᠰ ᠪᠣᠯᠣᠨ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠯᠪᠠᠨ ᠠᠵᠢᠯ ᠤᠨ ᠣᠷᠣᠨ ᠤ ᠨᠣᠭᠤᠭᠠᠷᠠᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠤᠰᠤ ᠠᠷᠪᠢᠯᠠᠬᠤ᠂ ᠭᠠᠵᠠᠷ ᠠᠷᠪᠢᠯᠠᠬᠤ᠂ ᠡᠨᠧᠷᠭᠢ ᠠᠷᠪᠢᠯᠠᠬᠤ᠂ ᠮᠠᠲ᠋ᠧᠷᠢᠶᠠᠯ | ᠠᠷᠪᠢᠯᠠᠬᠤ᠂ ᠬᠦᠴᠦ ᠠᠷᠪᠢᠯᠠᠬᠤ ᠶᠢ ᠪᠠᠷᠢᠮᠲᠠᠯᠠᠨ᠂ ᠨᠣᠭᠤᠭᠠᠷᠠᠭᠤᠯᠤᠯᠲᠠ ᠶᠢᠨ ᠲᠠᠯᠠᠪᠠᠢ ᠶᠢ ᠵᠦᠢ ᠵᠣᠬᠢᠰᠲᠠᠢ ᠲᠣᠬᠢᠷᠠᠭᠤᠯᠵᠤ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠷᠭᠤᠮᠠᠯ ᠤᠨ ᠲᠥᠷᠥᠯ ᠵᠦᠢᠯ ᠢ ᠰᠣᠩᠭᠤᠨ ᠲᠠᠷᠢᠵᠤ᠂ | ᠴᠠᠭ ᠲᠤᠨᠢ ᠲᠣᠬᠢᠷᠠᠭᠤᠯᠤᠨ ᠵᠣᠬᠢᠬᠤ ᠬᠡᠮᠵᠢᠶ᠎ᠡ ᠪᠠᠷ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠬᠠᠮᠠᠭᠠᠯᠠᠬᠤ ᠬᠡᠷᠡᠭᠲᠡᠢ᠃ | ᠳᠤᠷ᠎ᠠ ᠪᠠᠷ ᠢᠶᠠᠨ ᠵᠦᠯᠭᠡ ᠭᠠᠵᠠᠷ ᠤᠨ ᠲᠠᠯᠠᠪᠠᠶ ᠶᠢ ᠥᠷᠭᠡᠳᠬᠡᠬᠦ ᠪᠤᠶᠤ ᠪᠠᠭᠠᠰᠬᠠᠵᠤ ᠪᠤᠯᠬᠤ ᠦᠭᠡᠢ᠂ ᠪᠣᠳᠠᠲᠠᠢ ᠠᠴᠠ ᠰᠠᠯᠵᠤ | ᠬᠤᠪᠣᠷ ᠴᠤᠬᠠᠭ ᠮᠣᠳᠣ ᠴᠡᠴᠡᠭ ᠡᠪᠡᠰᠦ ᠳᠠᠷᠢᠵᠤ ᠪᠤᠯᠬᠤ ᠦᠭᠡᠢ᠂ ᠪᠦᠷᠢᠯᠭᠡᠨ ᠰᠦᠢᠳᠬᠡᠵᠦ ᠠᠷᠠᠴᠢᠯᠠᠨ ᠬᠠᠮᠠᠭᠠᠯᠠᠬᠤ | ᠪᠠᠷᠢᠮᠵᠢᠶ᠎ᠠ ᠶᠢ ᠳᠡᠭᠡᠭᠰᠢᠯᠡᠭᠦᠯᠵᠦ ᠪᠤᠯᠬᠤ ᠦᠭᠡᠢ᠃ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠬᠤ ᠪᠠᠶᠢᠭᠤᠯᠤᠮᠵᠢ ᠨᠤᠭᠤᠳ ᠪᠠᠶᠢᠭᠤᠯᠭ᠎ᠠ ᠶᠢᠨ ᠢᠳᠡᠭᠡᠨ ᠤᠮᠳᠠᠭᠠᠨ ᠢ ᠠᠷᠪᠢᠯᠠᠬᠤ | ᠬᠠᠮᠢᠶᠠᠷᠤᠯᠲᠠ ᠶᠢ ᠴᠢᠩᠭᠠᠳᠬᠠᠨ᠂ ᠪᠠᠶᠢᠭᠤᠯᠭ᠎ᠠ ᠶᠢᠨ ᠬᠤᠭᠤᠯᠠᠨ ᠭᠡᠷ ᠤᠨ ᠬᠤᠭᠤᠯᠠ ᠪᠦᠷᠢᠯᠭᠡᠬᠦ ᠶᠢ ᠡᠰᠡᠷᠭᠦᠴᠡᠬᠦ ᠠᠵᠢᠯ ᠤᠨ | ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠨᠡᠪᠲᠡᠷᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠ | ᠪᠦᠷᠢᠯᠭᠡᠬᠦ ᠶᠢ ᠡᠰᠡᠷᠭᠦᠴᠡᠬᠦ ᠶᠠᠪᠤᠳᠠᠯ ᠢ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠡᠬᠢ ᠪᠠᠶᠠᠯᠢᠭ ᠠᠷᠪᠢᠯᠠᠬᠤ ᠶᠢ | ᠬᠢᠨᠠᠨ ᠰᠢᠯᠭᠠᠬᠤ ᠪᠠ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ | ᠠᠭᠤᠯᠭ᠎ᠠ ᠳᠤ ᠣᠷᠣᠭᠤᠯᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠬᠤ ᠪᠠᠶᠢᠭᠤᠯᠤᠮᠵᠢ ᠨᠤᠭᠤᠳ ᠬᠠᠶᠠᠭᠳᠠᠮᠠᠯ ᠬᠠᠭᠤᠴᠢᠨ ᠡᠳ᠋ ᠢ ᠰᠢᠢᠳᠪᠦᠷᠢᠯᠡᠬᠦ ᠳᠦᠷᠢᠮ ᠢ | ᠪᠠᠶᠢᠭᠤᠯᠵᠤ᠂ ᠪᠠᠶᠢᠭᠤᠯᠭ᠎ᠠ ᠶᠢᠨ ᠠᠵᠢᠯᠯᠠᠬᠤ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠠᠵᠢᠯ ᠤᠨ ᠵᠢᠷᠤᠮᠵᠢᠯ ᠢ ᠲᠣᠭᠲᠠᠭᠠᠵᠤ᠂ ᠲᠣᠰ ᠱᠠᠲᠤᠨ ᠤ ᠪᠠᠶᠢᠭᠤᠯᠭ᠎ᠠ ᠶᠢᠨ ᠨᠢᠭᠤᠴᠠ ᠳᠤ ᠥᠯᠥ ᠬᠤᠯᠪᠣᠭᠳᠠᠬᠤ | ᠬᠠᠶᠠᠭᠳᠠᠮᠠᠯ ᠴᠠᠭᠠᠰᠤ᠂ ᠬᠠᠶᠠᠭᠳᠠᠮᠠᠯ ᠴᠠᠭᠢᠯᠭᠠᠨ ᠬᠡᠷᠡᠭᠰᠡᠯ᠂ ᠡᠯᠧᠺᠲᠷᠣᠨ ᠦᠢᠯᠡᠳᠬᠦᠨ ᠵᠡᠷᠭᠡ ᠬᠠᠶᠠᠭᠳᠠᠮᠠᠯ ᠪᠣᠳᠠᠰ ᠢ | ᠲᠥᠪᠯᠡᠷᠡᠭᠦᠯᠦᠨ ᠬᠤᠷᠢᠶᠠᠨ ᠠᠪᠴᠤ ᠰᠢᠢᠳᠪᠦᠷᠢᠯᠡᠬᠦ ᠶᠢ ᠵᠢᠯᠣᠭᠤᠳᠤᠨ ᠵᠣᠬᠢᠴᠠᠭᠤᠯᠵᠤ᠂ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠢ ᠨᠠᠶᠢᠳᠠᠪᠤᠷᠢᠵᠢᠭᠤᠯᠤᠨ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ | ᠲᠠᠪᠤᠳᠤᠭᠠᠷ ᠪᠦᠯᠦᠭ ᠦᠢᠯᠡᠴᠢᠯᠡᠭᠡᠨ ᠤ ᠬᠠᠮᠢᠶᠠᠷᠤᠯᠲᠠ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠬᠤ ᠪᠠᠶᠢᠭᠤᠯᠤᠮᠵᠢ ᠨᠤᠭᠤᠳ ᠠᠷᠤ ᠲᠠᠯ᠎ᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠬᠤ ᠪᠠ ᠡᠷᠴᠢᠮᠵᠢᠭᠦᠯᠦᠨ ᠬᠡᠷᠡᠭᠯᠡᠵᠦ᠂ ᠠᠯᠪᠠᠨ ᠪᠠᠶᠢᠭᠤᠯᠭ᠎ᠠ ᠶᠢᠨ ᠠᠷᠤ ᠲᠠᠯ᠎ᠠ ᠶᠢᠨ | ᠦᠢᠯᠡᠴᠢᠯᠡᠭᠡᠨ ᠤ ᠨᠢᠭᠡᠳᠦᠯᠲᠡᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠨᠣᠭᠤᠭᠠᠷᠠᠭᠤᠯᠬᠤ᠂ ᠠᠮᠤᠷ ᠢ ᠬᠠᠮᠠᠭᠠᠯᠠᠬᠤ᠂ | ᠠᠷᠢᠭᠤᠨ ᠴᠡᠪᠡᠷ ᠢ ᠪᠠᠲᠤᠯᠠᠬᠤ᠂ ᠡᠳᠦᠷ ᠲᠤᠲᠤᠮ ᠤᠨ ᠬᠠᠮᠠᠭᠠᠯᠠᠯᠲᠠ ᠵᠡᠷᠭᠡ ᠠᠯᠪᠠᠨ ᠪᠠᠶᠢᠭᠤᠯᠭ᠎ᠠ ᠶᠢᠨ ᠠᠷᠤ ᠲᠠᠯ᠎ᠠ ᠶᠢᠨ | ᠦᠢᠯᠡᠴᠢᠯᠡᠭᠡᠨ ᠤ ᠲᠥᠷᠥᠯ ᠵᠦᠢᠯ ᠪᠠ ᠡᠳ᠋ ᠪᠣᠳᠠᠰ ᠤᠨ ᠬᠤᠷᠣᠭᠳᠠᠯ᠂ ᠠᠵᠢᠯᠲᠠᠨ ᠤ ᠲᠣᠬᠢᠷᠠᠭᠤᠯᠤᠯᠲᠠ ᠶᠢᠨ ᠬᠠᠷᠢᠴᠠᠯ | ᠵᠡᠷᠭᠡ ᠪᠠᠷᠢᠮᠵᠢᠶ᠎ᠠ ᠶᠢ ᠲᠣᠭᠲᠠᠭᠠᠵᠤ᠂ ᠲᠥᠪᠯᠡᠷᠡᠨ ᠠᠵᠢᠯᠯᠠᠬᠤ ᠣᠷᠣᠨ ᠤ ᠠᠯᠪᠠᠨ ᠪᠠᠶᠢᠭᠤᠯᠭ᠎ᠠ ᠶᠢᠨ ᠠᠷᠤ ᠲᠠᠯ᠎ᠠ ᠶᠢᠨ | ᠦᠢᠯᠡᠴᠢᠯᠡᠭᠡ ᠶᠢ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠰ ᠱᠠᠲᠤᠨ ᠤ ᠠᠯᠪᠠᠨ ᠪᠠᠶᠢᠭᠤᠯᠭ᠎ᠠ ᠶᠢᠨ ᠠᠷᠤ | ᠲᠠᠯ᠎ᠠ ᠶᠢᠨ ᠦᠢᠯᠡᠴᠢᠯᠡᠭᠡᠨ ᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠬᠤ ᠪᠠᠶᠢᠭᠤᠯᠤᠮᠵᠢ ᠨᠢ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ | ᠬᠢᠨᠠᠨ ᠰᠢᠯᠭᠠᠵᠤ ᠦᠨᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠰ ᠱᠠᠲᠤᠨ ᠤ ᠪᠠᠶᠢᠭᠤᠯᠭ᠎ᠠ ᠶᠢ ᠵᠢᠯᠣᠭᠤᠳᠤᠨ | ᠠᠷᠤ ᠲᠠᠯ᠎ᠠ ᠶᠢᠨ ᠦᠢᠯᠡᠴᠢᠯᠡᠭᠡᠨ ᠤ ᠨᠢᠭᠡᠴᠢ ᠶᠢᠨ ᠭᠡᠷ᠎ᠡ ᠭᠦᠢᠴᠡᠳᠬᠡᠭᠰᠡᠨ ᠪᠠᠶᠢᠳᠠᠯ᠂ ᠦᠢᠯᠡᠴᠢᠯᠡᠭᠡᠨ ᠤ ᠶᠠᠰᠤ ᠴᠢᠨᠠᠷ ᠲᠤ | ᠪᠦᠭᠦ ᠲᠠᠯ᠎ᠠ ᠶᠢᠨ ᠬᠢᠨᠠᠨ ᠰᠢᠯᠭᠠᠯᠲᠠ᠂ ᠶᠡᠷᠦᠩᠬᠡᠶᠢᠯᠡᠭᠰᠡᠨ ᠦᠨᠡᠯᠡᠯᠲᠡ ᠬᠢᠬᠦ ᠶᠢᠨ ᠬᠠᠮᠲᠤ᠂ ᠰᠢᠯᠭᠠᠨ ᠦᠨᠡᠯᠡᠭᠰᠡᠨ ᠦᠷ᠎ᠡ | ᠳ᠋ᠦᠩ ᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ᠂ ᠦᠢᠯᠡᠴᠢᠯᠡᠭᠡᠨ ᠤ ᠭᠡᠷ᠎ᠡ ᠶᠢ ᠦᠷᠭᠦᠯᠵᠢᠯᠡᠨ ᠲᠣᠭᠲᠠᠬᠤ | ᠵᠡᠷᠭᠡ ᠠᠵᠢᠯ ᠤᠨ ᠦᠨᠳᠦᠰᠦᠯᠡᠯ ᠪᠤᠯᠭᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠬᠦ ᠶᠢ ᠠᠬᠢᠭᠤᠯᠤᠨ᠂ | ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠬᠤ ᠪᠠᠶᠢᠭᠤᠯᠤᠮᠵᠢ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ | ᠱᠠᠲᠤᠨ ᠤ ᠪᠠᠶᠢᠭᠤᠯᠭ᠎ᠠ ᠶᠢᠨ ᠠᠯᠪᠠᠨ ᠶᠠᠪᠤᠳᠠᠯ ᠤᠨ ᠵᠣᠴᠢᠯᠠᠬᠤ ᠠᠵᠢᠯ ᠢ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠬᠤ ᠪᠤᠶᠤ ᠬᠠᠮᠵᠢᠯᠴᠠᠵᠤ ᠪᠠᠶᠢᠭᠠᠳ ᠲᠤᠰ ᠱᠠᠲᠤᠨ ᠤ ᠴᠢᠬᠤᠯᠠ ᠬᠤᠷᠠᠯ᠂ ᠴᠢᠬᠤᠯᠠ ᠶᠡᠭᠡ | ᠠᠵᠢᠯᠯᠠᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ | ᠭᠤᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠨᠤᠭᠤᠳ ᠤᠯᠤᠰ ᠪᠣᠯᠣᠨ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠷᠠᠯ ᠵᠡᠷᠭᠡ ᠠᠵᠢᠯᠯᠠᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠨ᠂ | ᠬᠤᠷᠠᠯ᠂ ᠪᠣᠯᠪᠠᠰᠤᠷᠠᠯ ᠪᠣᠯᠣᠨ ᠪᠠᠶᠠᠷ ᠨᠠᠶᠢᠷ᠂ ᠪᠠᠶᠠᠷ ᠤᠨ ᠶᠣᠰᠣᠯᠠᠯ ᠵᠡᠷᠭᠡ ᠠᠵᠢᠯᠯᠠᠭ᠎ᠠ ᠶᠢᠨ ᠲᠤᠭ᠎ᠠ ᠬᠡᠮᠵᠢᠶ᠎ᠡ᠂ ᠬᠡᠪᠴᠢᠶ᠎ᠡ | ᠪᠣᠯᠣᠨ ᠴᠠᠭ ᠤᠨ ᠤᠷᠲᠤ ᠶᠢ ᠴᠢᠩᠭ᠎ᠠ ᠬᠢᠵᠠᠭᠠᠷᠯᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠭᠤᠯᠭ᠎ᠠ ᠪᠣᠯᠣᠨ ᠵᠠᠷᠤᠳᠠᠯ ᠤᠨ | ᠵᠠᠷᠤᠯᠭ᠎ᠠ ᠶᠢ ᠵᠢᠷᠤᠮᠵᠢᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠠᠳᠠᠯᠢ ᠱᠠᠲᠤᠨ ᠤ ᠪᠠᠶᠢᠭᠤᠯᠭ᠎ᠠ ᠶᠢ ᠵᠢᠯᠣᠭᠤᠳᠤᠨ ᠪᠠᠶᠢᠭᠤᠯᠭ᠎ᠠ ᠶᠢᠨ ᠠᠮᠤᠷ ᠲᠦᠪᠰᠢᠨ ᠢ ᠪᠠᠲᠤᠯᠠᠬᠤ ᠳᠦᠷᠢᠮ᠂ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠲᠣᠭᠲᠠᠭᠠᠵᠤ᠂ ᠲᠥᠪᠯᠡᠷᠡᠭᠦᠯᠦᠨ ᠠᠵᠢᠯᠯᠠᠬᠤ ᠣᠷᠣᠨ ᠤ ᠳᠣᠲᠣᠭᠠᠳᠤ ᠶᠢᠨ | ᠠᠮᠤᠷ ᠲᠦᠪᠰᠢᠨ ᠢ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠨᠢᠭᠡᠳᠦᠯᠲᠡᠢ ᠬᠠᠷᠢᠭᠤᠴᠠᠵᠤ᠂ ᠲᠤᠰ | ᠱᠠᠲᠤᠨ ᠤ ᠪᠠᠶᠢᠭᠤᠯᠭ᠎ᠠ ᠶᠢᠨ ᠳᠣᠲᠣᠭᠠᠳᠤ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠬᠤ | ᠬᠡᠷᠡᠭᠲᠡᠢ᠃ | ᠡᠯ᠎ᠡ ᠱᠠᠲᠤᠨ ᠤ ᠪᠠᠶᠢᠭᠤᠯᠭ᠎ᠠ ᠠᠮᠤᠷ ᠲᠦᠪᠰᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ | ᠪᠠᠶᠢᠭᠤᠯᠭ᠎ᠠ ᠶᠢᠨ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠠᠮᠤᠷ ᠲᠦᠪᠰᠢᠨ | ᠠᠵᠢᠯᠯᠠᠭᠠᠨ ᠢ ᠪᠠᠲᠤᠯᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠨᠣᠭᠤᠭᠠᠷᠠᠭᠤᠯᠤᠭᠰᠠᠨ | ᠭᠤᠶᠣᠵᠢᠭᠤᠯᠤᠭᠰᠠᠨ ᠡᠷᠡᠭᠦᠯ ᠬᠠᠮᠠᠭᠠᠯᠠᠯ ᠤᠨ ᠪᠣᠯᠪᠠᠰᠤᠨ ᠨᠢᠭᠡᠴᠢ ᠶᠢ ᠪᠠᠶᠢᠭᠤᠯᠬᠤ ᠭᠡᠷᠡᠭᠲᠡᠶ ︔ ᠨᠡᠶᠢᠭᠡᠮ ᠤᠨ ᠪᠠᠴᠢᠮ | ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠳᠤ ᠣᠷᠣᠯᠴᠠᠵᠤ᠂ ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠶᠣᠰᠣᠭᠠᠷ | ᠡᠳ᠋ ᠪᠣᠳᠠᠰ ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠳᠡᠮᠵᠢᠯᠭᠡ | ᠬᠠᠩᠭᠠᠬᠤ ᠭᠡᠷᠡᠭᠳᠡᠢ︔ ᠬᠡᠪ ᠤᠨ ᠠᠵᠢᠯ ᠤᠨ ᠡᠮᠬᠢ ᠳᠢᠭᠯᠢᠮ ᠪᠠ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ | ᠳᠣᠣᠷ᠎ᠠ ᠪᠣᠳᠠᠲᠠᠢ ᠲᠠᠢ ᠪᠠᠨ ᠤᠶᠠᠯᠳᠤᠭᠤᠯᠤᠨ ᠪᠠᠶᠢᠭᠤᠯᠭ᠎ᠠ ᠶᠢᠨ ᠣᠯᠠᠨ ᠨᠡᠶᠢᠲᠡ ᠶᠢᠨ ᠲᠥᠬᠦᠭᠡᠷᠦᠮᠵᠢ ᠶᠢ ᠠᠷᠠᠳ ᠲᠤ | ᠲᠥᠭᠦᠮ ᠦᠵᠡᠭᠦᠯᠵᠦ ᠠᠰᠢᠭᠯᠠᠬᠤ ᠶᠢ ᠠᠬᠢᠭᠤᠯᠵᠤ ᠪᠣᠯᠣᠨ᠎ᠠ᠃ | ᠵᠢᠷᠭᠤᠳᠤᠭᠠᠷ ᠪᠦᠯᠦᠭ ᠪᠠᠲᠤᠯᠠᠭ᠎ᠠ ᠶᠢᠨ ᠲᠣᠭᠲᠠᠴᠠ | ᠭᠤᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ ᠨᠢ ᠪᠠᠷᠢᠮᠵᠢᠶᠠᠵᠢᠭᠰᠠᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ | ᠪᠦᠬᠦᠢ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠪᠠᠷᠢᠮᠵᠢᠶ᠎ᠠ ᠶᠢᠨ | ᠰᠢᠰᠲ᠋ᠧᠮ ᠢ ᠪᠦᠷᠢᠨᠰᠢᠭᠦᠯᠦᠨ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠤᠨ ᠪᠠᠷᠢᠮᠵᠢᠶᠠᠵᠢᠭᠤᠯᠤᠯᠲᠠ ᠶᠢ | ᠠᠬᠢᠭᠤᠯᠵᠤ᠂ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ᠂ ᠪᠠᠶᠢᠭᠤᠯᠭ᠎ᠠ ᠶᠢᠨ ᠡᠳ᠋ ᠬᠥᠷᠥᠩᠭᠡ᠂ ᠠᠯᠪᠠᠯᠠᠬᠤ ᠳᠤ | ᠬᠡᠷᠡᠭᠯᠡᠬᠦ ᠭᠡᠷ ᠪᠠᠶᠢᠰᠢᠩ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ | ᠠᠷᠪᠢᠯᠠᠬᠤ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠬᠠᠮᠢᠶᠠᠷᠤᠯᠲᠠ ᠶᠢᠨ ᠴᠤᠪᠤᠷᠠᠯ ᠢ ᠵᠢᠷᠤᠮᠵᠢᠭᠤᠯᠬᠤ᠂ ᠵᠠᠭᠪᠤᠷ ᠢ | ᠰᠠᠶᠢᠵᠢᠷᠠᠭᠤᠯᠬᠤ᠂ ᠦᠷ᠎ᠡ ᠠᠰᠢᠭ ᠢ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠡᠳ᠋ ᠤᠨ ᠵᠠᠰᠠᠭ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠮᠡᠳᠡᠭᠡ | ᠵᠠᠩᠭᠢᠴᠢᠯᠠᠯᠲᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠤᠭ᠎ᠠ ᠪᠠᠷᠢᠮᠲᠠ ᠶᠢᠨ ᠠᠭᠤᠰᠤᠯᠴᠠᠯ ᠢ | ᠬᠠᠮᠲᠤ ᠪᠠᠷ ᠭᠦᠷᠳᠡᠭᠦ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ | ᠰᠢᠰᠲ᠋ᠧᠮ ᠠᠯᠤᠰᠯᠠᠭᠰᠠᠨ ᠲᠠᠪᠴᠠᠩ ᠤᠨ ᠪᠠᠲᠤᠯᠠᠭ᠎ᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ | ᠠᠷᠭ᠎ᠠ ᠮᠠᠶ᠋ᠢᠭ᠂ ᠲᠤᠬᠠᠶᠢᠯᠠᠭᠰᠠᠨ ᠠᠵᠢᠯ ᠤᠨ ᠴᠤᠪᠤᠷᠠᠯ ᠪᠠ ᠦᠢᠯᠡᠴᠢᠯᠡᠭᠡᠨ ᠤ ᠵᠠᠭᠪᠤᠷ ᠢ ᠲᠣᠭᠠᠴᠢᠯᠠᠬᠤ᠂ ᠣᠶᠤᠨᠴᠢᠯᠠᠬᠤ ᠶᠢ | ᠠᠬᠢᠭᠤᠯᠤᠨ᠂ ᠬᠡᠪᠴᠢᠶᠡᠵᠢᠭᠦᠯᠦᠨ ᠡᠷᠴᠢᠮᠵᠢᠭᠦᠯᠬᠦ ᠳᠠᠪᠠᠭᠤᠯᠢᠭ ᠢ ᠪᠠᠳᠠᠷᠠᠭᠤᠯᠵᠤ᠂ ᠪᠠᠶᠢᠭᠤᠯᠭ᠎ᠠ ᠶᠢᠨ ᠠᠵᠢᠯᠯᠠᠭᠠᠨ ᠢ | ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠡᠳ᠋ ᠬᠥᠷᠥᠩᠭᠡ ᠶᠢᠨ ᠬᠠᠮᠢᠶᠠᠷᠤᠯᠲᠠ ᠶᠢ ᠬᠢᠨᠠᠨ ᠰᠢᠯᠭᠠᠬᠤ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠲᠣᠭᠤᠷᠢᠨ | ᠪᠠᠶᠢᠴᠠᠭᠠᠬᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠱᠠᠯᠠᠪᠳᠠᠭᠤᠯᠤᠨ ᠪᠠᠶᠢᠴᠠᠭᠠᠬᠤ᠂ ᠪᠣᠬᠢᠷᠳᠤᠯ ᠦᠭᠡᠢ ᠬᠥᠭᠵᠢᠯᠲᠡ ᠶᠢ | ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠳᠤ ᠬᠢᠨᠠᠯᠲᠠ | ᠲᠠᠯᠪᠢᠵᠤ ᠪᠠᠶᠢᠴᠠᠭᠠᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠲᠣᠭᠲᠠᠭᠠᠯ ᠶᠣᠰᠣᠭᠠᠷ | ᠮᠡᠳᠡᠭᠳᠡᠬᠦ ᠬᠡᠷᠡᠭᠲᠡᠢ᠃ | ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠤᠨ | ᠠᠮᠵᠢᠯᠲᠠ ᠪᠦᠲᠦᠮᠵᠢ ᠶᠢᠨ ᠲᠤᠬᠠᠢ ᠬᠠᠮᠢᠶᠠᠷᠤᠯᠲᠠ ᠪᠠ ᠰᠢᠯᠭᠠᠨ ᠬᠢᠨᠠᠵᠤ ᠦᠨᠡᠯᠡᠬᠦ ᠪᠠᠨ ᠴᠢᠩᠭᠠᠳᠬᠠᠵᠤ᠂ ᠦᠢᠯᠡᠴᠢᠯᠡᠭᠡᠨ ᠤ | ᠪᠠᠲᠤᠯᠠᠭ᠎ᠠ ᠶᠢᠨ ᠡᠲᠡᠭᠡᠳ ᠤᠨ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠤᠨ ᠲᠤᠬᠠᠢ ᠰᠠᠨᠠᠯ ᠪᠠ | ᠰᠠᠨᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠵᠤ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠰᠠᠶᠢᠵᠢᠷᠠᠭᠤᠯᠬᠤ ᠬᠡᠷᠡᠭᠲᠡᠢ᠃ | ᠳᠥᠴᠢᠳᠦᠭᠡᠷ ᠵᠦᠢᠯ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠤᠨ ᠬᠤᠯᠪᠣᠭᠳᠠᠯ ᠪᠦᠬᠦᠢ ᠵᠦᠢᠯᠡᠰ ᠢ | ᠬᠠᠤᠯᠢ ᠶᠣᠰᠣᠭᠠᠷ ᠨᠡᠶᠢᠭᠡᠮ ᠳᠤ ᠢᠯᠡ ᠪᠤᠯᠭᠠᠵᠤ᠂ ᠣᠯᠠᠨ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ | ᠬᠡᠷᠡᠭᠲᠡᠢ᠃ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠨ ᠨᠢᠭᠡᠳᠦᠭᠡᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ | ᠭᠠᠷᠭᠠᠭᠰᠠᠨ ᠪᠣᠯ ᠲᠡᠷᠡ ᠲᠣᠭᠲᠠᠭᠠᠯ ᠢ ᠨᠢ ᠳᠠᠭᠠᠬᠤ ᠬᠡᠷᠡᠭᠲᠡᠢ᠃ | ᠳᠥᠴᠢᠨ ᠬᠤᠶᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ᠂ ᠳᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ ᠡᠷᠬᠡᠲᠦ ᠪᠠᠶᠢᠭᠤᠯᠭ᠎ᠠ ᠪᠤᠶᠤ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ | ᠰᠢᠢᠳᠬᠡᠯ ᠥᠭᠭᠦᠨ᠎ᠡ᠄ | ︵ᠨᠢᠭᠡ︶ ᠲᠣᠭᠲᠠᠭᠠᠯ ᠠᠴᠠ ᠵᠥᠷᠢᠴᠡᠨ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠪᠦᠲᠦᠭᠡᠨ ᠪᠠᠶᠢᠭᠤᠯᠤᠭᠰᠠᠨ᠂ | ᠬᠤᠳᠠᠯᠳᠤᠨ ᠠᠪᠤᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ᠂ ᠬᠤᠪᠢᠶᠠᠷᠢᠯᠠᠭᠰᠠᠨ᠂ ᠰᠡᠯᠪᠢᠨ ᠵᠠᠰᠠᠭᠰᠠᠨ᠂ | ᠴᠢᠮᠡᠭᠯᠡᠭᠰᠡᠨ ᠪᠤᠶᠤ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠯᠡᠬᠦ ᠴᠢᠳᠠᠮᠵᠢ ᠶᠢ ᠳᠤᠷ᠎ᠠ ᠪᠠᠷ ᠢᠶᠠᠨ | ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠠ ᠬᠤᠪᠢᠷᠠᠭᠤᠯᠤᠬᠰᠠᠨ︔ | ︵ᠬᠤᠶᠠᠷ︶ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠭᠲᠠᠭᠠᠯ ᠠᠴᠠ ᠵᠥᠷᠢᠴᠡᠨ ᠲᠣᠬᠢᠷᠠᠭᠤᠯᠤᠭᠰᠠᠨ᠂ | ᠰᠢᠨᠡᠳᠬᠡᠭᠰᠡᠨ᠂ ᠬᠡᠷᠡᠭᠯᠡᠭᠰᠡᠨ ᠪᠠ ᠰᠢᠶᠳᠪᠦᠷᠢᠯᠡᠭᠰᠡᠨ︔ | ︵ᠭᠤᠷᠪᠠ︶ ᠲᠣᠭᠲᠠᠭᠠᠯ ᠠᠴᠠ ᠵᠥᠷᠢᠴᠡᠨ ᠵᠦᠯᠭᠡ ᠭᠠᠵᠠᠷ ᠤᠨ ᠲᠠᠯᠠᠪᠠᠶ ᠶᠢ ᠳᠤᠷ᠎ᠠ ᠪᠠᠷ ᠢᠶᠠᠨ ᠥᠷᠭᠡᠳᠬᠡᠭᠰᠡᠨ ᠪᠤᠶᠤ | ᠪᠠᠭᠠᠰᠬᠠᠵᠤ᠂ ᠬᠤᠪᠣᠷ ᠨᠠᠨᠳᠢᠨ ᠮᠣᠳᠣ ᠴᠡᠴᠡᠭ ᠡᠪᠡᠰᠦ ᠶᠢ ᠪᠣᠳᠠᠲᠤ ᠬᠡᠷᠡᠭᠴᠡᠭᠡ ᠠᠴᠠ ᠳᠠᠪᠠᠭᠤᠯᠤᠨ ᠵᠠᠶᠢᠯᠠᠵᠤ᠂ ᠪᠦᠷᠢᠯᠭᠡᠨ | ᠰᠦᠢᠳᠬᠡᠵᠦ ᠠᠷᠠᠴᠢᠯᠠᠨ ᠬᠠᠮᠠᠭᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ︔ | ︵ᠳᠥᠷᠪᠡ︶ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠳᠥᠴᠢᠨ ᠭᠤᠷᠪᠠᠳᠤᠭᠠᠷ ᠵᠦᠢᠯ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠤᠨ ᠳᠤᠮᠳᠠ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠭᠡᠮ | ᠬᠢᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ | ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠳᠥᠷᠪᠡᠳᠦᠭᠡᠷ ᠵᠦᠢᠯ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ | ᠨᠢᠭᠡᠴᠢ ᠶᠢᠨ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠢ ᠲᠤᠰ ᠳᠦᠷᠢᠮ ᠢᠶᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠳᠥᠴᠢᠨ ᠲᠠᠪᠤᠳᠤᠭᠠᠷ ᠵᠦᠢᠯ ᠲᠤᠰ ᠳᠦᠷᠢᠮ ᠢ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |