︽ᠨᠠᠮ ᠤᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠪᠠᠨ | ᠲᠠᠪᠤᠳᠤᠭᠠᠷ ᠳᠠᠬᠢ ᠤᠰᠤᠨ ᠭᠠᠷᠤᠯᠲᠠ ᠶᠢ ᠠᠩᠬ᠎ᠠ ᠪᠣᠯᠪᠠᠰᠤᠷᠠᠭᠤᠯᠬᠤ ᠪᠠ ᠬᠦᠢᠲᠡᠨ ᠢᠶᠠᠷ ᠬᠠᠳᠠᠭᠠᠯᠠᠵᠤ ᠰᠢᠨ᠎ᠡ | ᠰᠣᠷᠭᠤᠭ ᠪᠠᠶᠢᠯᠭᠠᠬᠤ ᠪᠡᠯᠡᠳᠬᠡᠮᠵᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ︾ ᠶᠢᠨ ᠲᠣᠭᠲᠠᠭᠠᠯ ᠢ | ᠦᠨᠳᠦᠰᠦᠯᠡᠪᠡᠯ᠂ ᠤᠰᠤᠨ ᠭᠠᠷᠤᠯᠲᠠ ᠶᠢ ᠠᠩᠬ᠎ᠠ ᠪᠣᠯᠪᠠᠰᠤᠷᠠᠭᠤᠯᠬᠤ ᠪᠠ ᠬᠦᠢᠲᠡᠨ ᠢᠶᠠᠷ ᠬᠠᠳᠠᠭᠠᠯᠠᠵᠤ ᠰᠢᠨ᠎ᠡ | ᠰᠣᠷᠭᠤᠭ ᠪᠠᠶᠢᠯᠭᠠᠬᠤ ᠪᠡᠯᠡᠳᠬᠡᠮᠵᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠣᠣᠷᠠᠬᠢ ᠮᠡᠲᠦ᠄ | 1. ᠬᠡᠷᠡᠭᠵᠢᠭᠦᠯᠬᠦ ᠠᠭᠤᠯᠭ᠎ᠠ | ᠭᠤᠣᠯ ᠴᠣᠭᠴᠠ ᠶᠢᠨ ᠰᠢᠨ᠎ᠡ ᠪᠠᠷ ᠪᠠᠶᠢᠭᠤᠯᠬᠤ ᠤᠰᠤᠨ ᠭᠠᠷᠤᠯᠲᠠ ᠶᠢᠨ ᠬᠦᠢᠲᠡᠨ ᠬᠥᠮᠥᠷᠭᠡ᠂ | ᠬᠦᠢᠲᠡᠨ ᠢᠶᠠᠷ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠲᠥᠬᠦᠭᠡᠷᠦᠮᠵᠢ᠂ ᠤᠰᠤᠨ ᠭᠠᠷᠤᠯᠲᠠ ᠶᠢᠨ ᠠᠩᠬᠠᠨ ᠤ | ᠪᠣᠯᠪᠠᠰᠤᠷᠠᠭᠤᠯᠬᠤ ᠲᠥᠬᠦᠭᠡᠷᠦᠮᠵᠢ ᠵᠡᠷᠭᠡ ᠶᠢ ᠬᠡᠷᠡᠭᠵᠢᠭᠦᠯᠬᠦ ᠶᠢ ᠲᠡᠮᠵᠢᠵᠤ᠂ ᠤᠰᠤᠨ ᠭᠠᠷᠤᠯᠲᠠ ᠶᠢᠨ | ᠪᠣᠯᠪᠠᠰᠤᠷᠠᠭᠤᠯᠬᠤ ᠨᠤᠷᠮ᠎ᠠ᠂ ᠭᠦᠢᠯᠭᠡᠭᠡᠨ ᠤ ᠨᠤᠷᠮ᠎ᠠ ᠪᠠ ᠳᠠᠭᠠᠯᠳᠤᠪᠤᠷᠢ ᠪᠦᠲᠦᠭᠡᠭᠳᠡᠬᠦᠨ ᠤ ᠠᠰᠢᠭᠯᠠᠯᠲᠠ ᠶᠢᠨ | ᠨᠤᠷᠮ᠎ᠠ ᠶᠢ ᠳᠡᠭᠡᠭᠰᠢᠯᠡᠭᠦᠯᠵᠦ᠂ ᠤᠰᠤᠨ ᠭᠠᠷᠤᠯᠲᠠ ᠶᠢᠨ ᠪᠣᠯᠪᠠᠰᠤᠷᠠᠭᠤᠯᠬᠤ ᠬᠥᠮᠥᠷᠭᠡ ᠶᠢᠨ ᠣᠳᠣᠬᠢᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ | 2. ᠬᠡᠷᠡᠭᠵᠢᠭᠦᠯᠬᠦ ᠱᠠᠭᠠᠷᠳᠠᠯᠭ᠎ᠠ | ᠬᠡᠷᠡᠭᠵᠢᠭᠦᠯᠬᠦ ᠭᠤᠣᠯ ᠴᠣᠭᠴᠠ ᠨᠢ ᠡᠷᠬᠡᠪᠰᠢ ᠤᠰᠤᠨ ᠣᠷᠣᠨ ᠤ ᠭᠤᠣᠯ ᠤᠨ ᠰᠠᠶᠢᠷᠭᠠᠯ ᠤᠨ ᠲᠡᠵᠢᠭᠡᠨ | ᠦᠷᠡᠵᠢᠭᠦᠯᠬᠦ ᠦᠨᠡᠮᠯᠡᠯ ᠲᠠᠢ᠂ ᠬᠠᠤᠯᠢ ᠶᠣᠰᠣᠭᠠᠷ ᠪᠠᠶᠢᠭᠤᠯᠤᠭᠰᠠᠨ ᠤᠰᠤᠨ ᠭᠠᠷᠤᠯᠲᠠ ᠶᠢ ᠪᠣᠯᠪᠠᠰᠤᠷᠠᠭᠤᠯᠤᠨ | ᠬᠥᠮᠥᠷᠭᠡᠯᠡᠨ ᠬᠠᠳᠠᠭᠠᠯᠠᠬᠤ ᠴᠢᠳᠠᠪᠤᠷᠢ ᠲᠠᠢ ᠠᠵᠤ ᠠᠬᠤᠶᠢᠯᠠᠯ᠂ ᠬᠤᠷᠰᠢᠶ᠎ᠠ ᠪᠤᠶᠤ ᠭᠡᠷ ᠪᠦᠯᠢ ᠶᠢᠨ ᠵᠢᠭᠠᠰᠤᠨ ᠲᠠᠯᠠᠪᠠᠶ | ᠵᠡᠷᠭᠡ ᠪᠠᠶᠢᠬᠤ ᠬᠡᠷᠡᠭᠲᠡᠢ︔ ᠲᠣᠭᠲᠠᠮᠠᠯ ᠦᠢᠯᠡᠳᠪᠦᠷᠢᠯᠡᠯ ᠤᠨ ᠲᠠᠯᠠᠪᠤᠷ ᠲᠠᠢ ᠪᠠᠶᠢᠵᠤ᠂ ᠪᠣᠯᠪᠠᠰᠤᠷᠠᠭᠤᠯᠬᠤ ᠳᠤ ᠬᠡᠷᠡᠭᠯᠡᠬᠦ | ᠭᠠᠵᠠᠷ ᠤᠨ ᠭᠦᠢᠴᠡᠳᠬᠡᠯ ᠲᠤᠭ᠎ᠠ ᠶᠢ ᠨᠢᠭᠡᠨᠲᠡ ᠨᠠᠶᠢᠳᠠᠪᠤᠷᠢᠵᠢᠭᠤᠯᠤᠭᠰᠠᠨ︔ ᠤᠯᠤᠰ ᠂ ᠣᠷᠣᠨ ᠨᠤᠲᠤᠭ ᠤᠨ | ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠵᠦ᠂ ᠪᠦᠲᠦᠭᠡᠭᠳᠡᠬᠦᠨ ᠤ ᠶᠠᠰᠤ ᠴᠢᠨᠠᠷ ᠨᠢ | ᠤᠯᠤᠰ ᠤᠨ ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠵᠦ᠂ ᠣᠶᠢᠷ᠎ᠠ ᠶᠢᠨ ᠭᠤᠷᠪᠠᠨ ᠵᠢᠯ ᠳᠤ ᠤᠰᠤᠨ | ᠭᠠᠷᠤᠯᠲᠠ ᠶᠢᠨ ᠶᠠᠰᠤ ᠴᠢᠨᠠᠷ ᠤᠨ ᠠᠶᠤᠯᠭᠦᠢ ᠶᠢᠨ ᠬᠡᠷᠡᠭ ᠭᠠᠷᠤᠭᠰᠠᠨ ᠦᠭᠡᠢ︔ ᠲᠦᠭᠦᠬᠡᠢ ᠮᠠᠲ᠋ᠧᠷᠢᠶᠠᠯ ᠨᠢ | ᠭᠤᠣᠯᠳᠠᠭᠤ ᠤᠯᠤᠰ ᠤᠨ ᠳᠣᠲᠣᠭᠠᠳᠤ ᠳᠤ ᠲᠡᠵᠢᠭᠡᠨ ᠦᠷᠡᠵᠢᠭᠦᠯᠬᠦ ᠪᠤᠶᠤ ᠠᠩᠨᠠᠵᠤ ᠱᠦᠭᠦᠬᠦ ᠠᠴᠠ ᠢᠷᠡᠳᠡᠭ᠃ | 3. ᠬᠡᠷᠡᠭᠵᠢᠭᠦᠯᠬᠦ ᠪᠠᠷᠢᠮᠵᠢᠶ᠎ᠠ | ᠬᠤᠶᠢᠨ᠎ᠠ ᠨᠢ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠨᠥᠬᠦᠪᠦᠷᠢ ᠶᠢᠨ ᠬᠡᠪᠴᠢᠶᠡᠨ ᠳᠤ | ᠣᠷᠣᠭᠤᠯᠤᠭᠰᠠᠨ ᠲᠥᠷᠥᠯ ᠵᠦᠢᠯ ᠳᠤ ᠨᠥᠬᠦᠪᠦᠷᠢ ᠶᠢᠨ ᠳᠡᠭᠡᠳᠦ ᠬᠢᠵᠠᠭᠠᠷ ᠢ ᠶᠡᠷᠦᠩᠬᠡᠢ ᠦᠨ᠎ᠡ ᠶᠢᠨ 30% ᠠᠴᠠ | ᠬᠡᠲᠦᠷᠡᠭᠦᠯᠵᠦ ᠪᠣᠯᠬᠤ ᠦᠭᠡᠢ᠃ |