| ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠪᠠᠷ᠂ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠡᠳ᠋ ᠤᠨ ᠵᠠᠰᠠᠭ ᠤᠨ ᠶᠠᠮᠤᠨ ᠤ | 2025 ᠣᠨ ᠤ ᠠᠮᠤ ᠪᠤᠳᠠᠭ᠎ᠠ ᠲᠣᠰᠣᠨ ᠤ ᠦᠢᠯᠡᠳᠪᠦᠷᠢᠯᠡᠯ ᠤᠨ ᠪᠠᠲᠤᠯᠠᠭ᠎ᠠ ᠵᠡᠷᠭᠡ ᠲᠥᠷᠥᠯ ᠵᠦᠢᠯ ᠢ | ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠠᠷᠢᠶᠠᠯᠠᠩ ᠲᠥᠯᠥᠪᠯᠡᠭᠡ ᠡᠳ᠋ ᠲᠠᠷᠬᠠᠭᠠᠭᠰᠠᠨ | ﹇2025﹈ 9 ᠳ᠋ᠦ᠋ᠭᠡᠷ ᠲᠣᠭᠠᠲᠤ︶ ᠪᠠ ︽2025 ᠣᠨ ᠤ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠵᠤ | ᠦᠷ᠎ᠡ ᠠᠰᠢᠭ ᠢ ᠨᠡᠮᠡᠭᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠠᠷᠢᠶᠠᠯᠠᠩ ᠲᠠᠷᠢᠶᠠᠯᠠᠩ ︵ᠪᠣᠷᠳᠣᠭᠤᠷ | ᠤᠰᠤ︶ ﹇2025﹈ 6 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2025 ᠣᠨ ᠳᠤ ᠲᠥᠪ ᠤᠨ ᠡᠳ᠋ ᠤᠨ | ᠵᠠᠰᠠᠭ ᠠᠴᠠ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ | ᠦᠷᠭᠦᠯᠵᠢᠯᠡᠨ ᠳᠡᠮᠵᠢᠵᠦ ᠬᠡᠷᠡᠭᠵᠢᠭᠦᠯᠦᠨ᠎ᠡ᠃ ᠲᠥᠷᠥᠯ ᠵᠦᠢᠯ ᠤᠨ ᠬᠡᠷᠡᠭᠵᠢᠭᠦᠯᠦᠯᠲᠡ ᠶᠢ ᠯᠠᠪᠳᠠᠭᠤᠨ ᠢᠶᠠᠷ | ᠠᠬᠢᠭᠤᠯᠬᠤ ᠶᠢᠨ ᠲᠤᠰᠠᠳᠠ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠠᠵᠢᠯ ᠤᠨ ᠬᠠᠷᠠᠯᠲᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠪᠣᠯᠲᠠᠯᠠᠬᠢ ᠬᠢᠮᠢ ᠶᠢᠨ | ᠪᠣᠷᠳᠣᠭᠤᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠤ ᠲᠥᠰᠥᠯ︾ ᠤᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠢ | ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠦᠢᠯᠡᠴᠢᠯᠡᠭᠡᠨ ᠤ ᠲᠤᠯᠭᠠᠭᠤᠷᠢᠯᠠᠯ ᠢ ᠨᠡᠩ ᠢᠯᠡᠭᠦᠦ ᠳᠣᠪᠤᠶᠢᠯᠭᠠᠵᠤ᠂ ᠥᠪᠡᠷᠲᠡᠭᠡᠨ | ᠵᠠᠰᠠᠬᠤ ᠣᠷᠣᠨ ᠤ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ︽ᠬᠤᠶᠠᠷ ᠮᠢᠩᠭᠠᠨ | ᠲᠦᠮᠡ︾ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠪᠠ ᠬᠠᠳᠤᠨ ᠭᠤᠣᠯ ᠤᠨ ᠰᠠᠪᠠ ᠭᠠᠵᠠᠷ ᠲᠤ ᠭᠤᠣᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠳᠤ ᠲᠦᠰᠢᠭᠯᠡᠨ᠂ ᠬᠥᠷᠥᠰᠥ ᠰᠢᠷᠣᠢ ᠶᠢ ᠬᠡᠮᠵᠢᠵᠦ ᠨᠠᠶᠢᠷᠠᠯᠭ᠎ᠠ ᠲᠠᠢ ᠪᠣᠷᠳᠣᠭᠤᠷ | ᠣᠷᠣᠭᠤᠯᠬᠤ ᠮᠡᠷᠭᠡᠵᠢᠯ ᠢ ᠦᠷᠭᠦᠯᠵᠢᠯᠡᠨ ᠶᠡᠭᠡ ᠪᠠᠷ ᠳᠡᠯᠭᠡᠷᠡᠭᠦᠯᠵᠦ᠂ ᠰᠢᠷ᠎ᠠ ᠪᠤᠷᠴᠠᠭ ᠲᠤ ᠦᠨᠳᠦᠰᠦ ᠶᠢᠨ | ᠪᠡᠲᠡᠭᠢ ᠶᠢᠨ ᠪᠠᠺᠲ᠋ᠧᠷᠢ ᠶᠢᠨ ᠡᠮ ᠨᠡᠮᠡᠵᠦ ᠣᠷᠣᠭᠤᠯᠤᠨ᠂ ᠪᠣᠷᠳᠣᠭᠤᠷ ᠣᠷᠣᠭᠤᠯᠬᠤ ᠰᠢᠨ᠎ᠡ ᠦᠢᠯᠡᠳᠬᠦᠨ᠂ ᠰᠢᠨ᠎ᠡ | ᠮᠡᠷᠭᠡᠵᠢᠯ᠂ ᠰᠢᠨ᠎ᠡ ᠮᠠᠰᠢᠨ ᠪᠠᠭᠠᠵᠢ ᠶᠢᠨ ︽ᠭᠤᠷᠪᠠᠨ ᠰᠢᠨ᠎ᠡ︾ ᠶᠢᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠵᠦ᠂ | ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | 2025 ᠣᠨ ᠳᠤ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠲᠣᠰᠣ ᠵᠡᠷᠭᠡ ᠭᠤᠣᠯ ᠪᠣᠯᠬᠤ | ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠵᠤ᠂ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠠᠴᠠ 20 ᠰᠢᠶᠠᠨ ᠢ ᠰᠣᠩᠭᠤᠵᠤ᠂ ︽ᠭᠤᠷᠪᠠᠨ ᠰᠢᠨ᠎ᠡ︾ ᠬᠤᠷᠠᠮᠠᠯ | ᠵᠠᠭᠪᠤᠷ ᠢ ᠳᠡᠯᠭᠡᠷᠡᠭᠦᠯᠬᠦ ᠠᠵᠢᠯ ᠢ ᠥᠷᠨᠢᠭᠦᠯᠵᠦ᠂ ᠰᠢᠶᠠᠨ ᠪᠦᠷᠢ ᠳᠤ 10 ᠮᠢᠩᠭᠠᠨ ᠲᠡᠭᠰᠢ ᠳᠥᠷᠪᠡᠯᠵᠢᠨ ᠮᠦ ᠪᠠ | 2 ᠲᠦᠮᠡᠨ ᠮᠦ ᠬᠡᠰᠡᠭ ᠢ ᠭᠤᠣᠯᠳᠠᠯᠭ᠎ᠠ ᠲᠠᠢ ᠪᠠᠶᠢᠭᠤᠯᠵᠤ᠂ 15 ᠲᠦᠮᠡᠨ ᠮᠦ ᠠᠴᠠ ᠳᠡᠭᠡᠭᠰᠢᠬᠢ ᠶᠢ ᠨᠥᠯᠥᠭᠡᠯᠡᠨ | ᠳᠠᠶᠢᠴᠢᠯᠠᠨ᠎ᠠ᠃ ᠲᠠᠷᠢᠶᠠᠨ ᠭᠠᠵᠠᠷ ᠤᠨ ᠪᠣᠷᠳᠣᠭᠤᠷ ᠤᠨ ᠠᠰᠢᠭᠯᠠᠮᠵᠢ ᠶᠢᠨ ᠲᠤᠷᠰᠢᠯᠲᠠ᠂ ᠲᠠᠷᠢᠶᠠᠴᠢᠨ ᠡᠷᠦᠬᠡ ᠶᠢᠨ | ᠪᠣᠷᠳᠣᠭᠤᠷ ᠣᠷᠣᠭᠤᠯᠤᠭᠰᠠᠨ ᠪᠠᠶᠢᠳᠠᠯ ᠢ ᠪᠠᠶᠢᠴᠠᠭᠠᠬᠤ ᠪᠠ ᠬᠢᠮᠢ ᠶᠢᠨ ᠪᠣᠷᠳᠣᠭᠤᠷ ᠤᠨ ᠠᠰᠢᠭᠯᠠᠯᠲᠠ ᠶᠢᠨ | ᠨᠣᠷᠮ᠎ᠠ ᠶᠢ ᠲᠥᠰᠥᠭᠡᠯᠡᠨ ᠪᠤᠳᠤᠬᠤ ᠵᠡᠷᠭᠡ ᠰᠠᠭᠤᠷᠢ ᠲᠤᠯᠭᠠᠭᠤᠷᠢᠯᠠᠬᠤ ᠠᠵᠢᠯ ᠢ ᠦᠷᠭᠦᠯᠵᠢᠯᠡᠨ ᠥᠷᠨᠢᠭᠦᠯᠵᠦ | ︵ᠡᠭᠦᠷᠭᠡ ᠶᠢᠨ ᠲᠣᠬᠢᠷᠠᠭᠤᠯᠤᠯᠲᠠ ᠶᠢ ᠳᠠᠭᠠᠯᠳᠤᠭᠤᠯᠤᠯ 1 ᠳᠤ ᠦᠵᠡ︶᠂ ᠭᠤᠣᠯ ᠪᠣᠯᠬᠤ ᠲᠠᠷᠢᠮᠠᠯ ᠤᠨ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠡᠯ᠎ᠡ ᠭᠠᠵᠠᠷ ᠤᠨ ᠬᠢᠨ | ︽ᠭᠤᠷᠪᠠᠨ ᠰᠢᠨ᠎ᠡ︾ ᠶᠢ ᠲᠥᠪᠯᠡᠷᠡᠭᠦᠯᠦᠨ ᠢᠵᠢ ᠪᠦᠷᠢᠳᠦᠭᠦᠯᠦᠨ ᠲᠦᠯᠬᠢᠨ ᠠᠬᠢᠭᠤᠯᠬᠤ 20 ᠰᠢᠶᠠᠨ ᠢ | ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠲᠤᠰ ᠭᠠᠵᠠᠷ ᠤᠨ ᠳᠠᠪᠠᠭᠤᠯᠢᠭ | ᠣᠨᠴᠠᠯᠢᠭᠲᠤ ᠲᠠᠷᠢᠮᠠᠯ ᠲᠠᠢ ᠤᠶᠠᠯᠳᠤᠭᠤᠯᠤᠨ᠂ ᠨᠢᠭᠡ ᠪᠦᠯᠦᠭ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠪᠠᠷ ᠶᠡᠭᠡ᠂ | ᠲᠥᠯᠥᠭᠡᠯᠡᠬᠦ ᠴᠢᠨᠠᠷ ᠢᠶᠠᠷ ᠴᠢᠩᠭ᠎ᠠ᠂ ᠰᠠᠭᠤᠷᠢ ᠨᠥᠬᠦᠴᠡᠯ ᠢᠶᠠᠷ ᠰᠠᠶᠢᠨ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠷ | ᠲᠣᠪᠣᠶᠢᠮ᠎ᠠ ᠭᠤᠣᠯᠳᠠᠯᠭ᠎ᠠ ᠲᠠᠢ ᠬᠤᠰᠢᠭᠤ ᠰᠢᠶᠠᠨ ᠢ ᠨᠡᠮᠡᠨ ᠰᠣᠩᠭᠤᠵᠤ ᠳᠡᠮᠵᠢᠯᠭᠡ ᠦᠵᠡᠭᠦᠯᠵᠦ ᠪᠣᠯᠣᠨ᠎ᠠ᠃ | ᠭᠤᠷᠪᠠ᠂ ᠬᠡᠷᠡᠭᠵᠢᠭᠦᠯᠬᠦ ᠠᠭᠤᠯᠭ᠎ᠠ | ︵ᠨᠢᠭᠡ︶ ︽ᠭᠤᠷᠪᠠᠨ ᠰᠢᠨ᠎ᠡ︾ ᠶᠢ ᠲᠥᠪᠯᠡᠷᠡᠭᠦᠯᠦᠨ ᠢᠵᠢ ᠪᠦᠷᠢᠳᠦᠭᠦᠯᠦᠨ ᠳᠡᠯᠭᠡᠷᠡᠭᠦᠯᠬᠦ ᠶᠢ | ᠭᠦᠨᠵᠡᠭᠡᠶᠢᠷᠡᠭᠦᠯᠬᠦ ᠬᠡᠷᠡᠭᠲᠡᠢ᠃ ︽ᠭᠤᠷᠪᠠᠨ ᠰᠢᠨ᠎ᠡ︾ ᠶᠢ ᠲᠥᠪᠯᠡᠷᠡᠭᠦᠯᠦᠨ ᠠᠬᠢᠭᠤᠯᠬᠤ ᠡᠭᠦᠷᠭᠡ ᠶᠢ ᠡᠭᠦᠷᠭᠡᠯᠡᠭᠰᠡᠨ | ᠬᠤᠰᠢᠭᠤ ᠰᠢᠶᠠᠨ ᠨᠢ ᠬᠠᠷᠠᠯᠲᠠᠲᠤ ᠲᠠᠷᠢᠮᠠᠯ ᠢᠶᠠᠷ ᠭᠤᠣᠯᠳᠠᠯᠭ᠎ᠠ ᠪᠣᠯᠭᠠᠨ᠂ ᠪᠤᠰᠤᠳ ᠭᠤᠣᠯ ᠳᠠᠷᠢᠬᠤ ᠲᠠᠷᠢᠮᠠᠯ ᠢ | ᠬᠠᠮᠲᠤ ᠳᠤᠨᠢ ᠬᠠᠷᠠᠭᠠᠯᠵᠠᠵᠤ᠂ ᠳᠠᠷᠢᠬᠤ ᠬᠡᠪᠴᠢᠶ᠎ᠡ ᠪᠠᠷ ᠶᠡᠭᠡ᠂ ᠮᠡᠷᠭᠡᠵᠢᠯ ᠤᠨ ᠴᠢᠳᠠᠪᠤᠷᠢ ᠪᠠᠷ ᠴᠢᠩᠭ᠎ᠠ᠂ ᠬᠠᠮᠵᠢᠯᠴᠠᠬᠤ | ᠬᠦᠰᠡᠯ ᠢᠶᠠᠷ ᠥᠨᠳᠥᠷ ᠲᠠᠷᠢᠮᠠᠯ ᠤᠨ ᠲᠣᠮᠣ ᠡᠷᠦᠬᠡ᠂ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠵᠡᠷᠭᠡ ᠶᠢ | ᠤᠷᠢᠳᠠᠪᠠᠷ ᠰᠣᠩᠭᠤᠵᠤ ᠮᠢᠩᠭᠠᠨ ᠲᠡᠭᠰᠢ ᠳᠥᠷᠪᠡᠯᠵᠢᠨ ᠮᠦ᠂ ᠲᠦᠮᠡᠨ ᠮᠦ ᠬᠡᠰᠡᠭ ᠤᠨ ᠡᠭᠦᠷᠭᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠡᠷᠳᠡᠨᠢ ᠰᠢᠰᠢ ᠶᠢ ᠤᠰᠤᠯᠠᠯᠲᠠ ᠶᠢᠨ ᠣᠷᠣᠨ ᠳᠤ ︽ᠬᠥᠷᠥᠰᠥ ᠰᠢᠷᠣᠢ ᠶᠢ | ᠬᠡᠮᠵᠢᠭᠰᠡᠨ ᠨᠠᠶᠢᠷᠠᠯᠭ᠎ᠠ ᠭᠡᠷᠡᠭᠯᠡᠬᠦ + ᠵᠣᠬᠢᠬᠤ ᠬᠡᠮᠵᠢᠶ᠎ᠡ ᠪᠠᠷ ᠨᠢᠭᠳᠠᠴᠠ ᠶᠢ ᠨᠡᠮᠡᠭᠳᠡᠬᠦᠯᠬᠦ + ᠤᠰᠤ ᠪᠣᠷᠳᠣᠭᠤᠷ ᠢ | ᠨᠢᠭᠡ ᠴᠣᠭᠴᠠᠵᠢᠭᠤᠯᠬᠤ + ᠠᠽᠣᠲ ᠪᠣᠷᠳᠣᠭᠤᠷ ᠢ ᠬᠤᠶᠢᠰᠢ ᠰᠢᠯᠵᠢᠭᠦᠯᠬᠦ︾ ᠮᠡᠷᠭᠡᠵᠢᠯ ᠤᠨ ᠵᠠᠭᠪᠤᠷ ᠢ | ᠭᠤᠣᠯᠳᠠᠯᠭ᠎ᠠ ᠲᠠᠢ ᠲᠥᠪᠯᠡᠷᠡᠭᠦᠯᠦᠨ ᠳᠡᠯᠭᠡᠷᠡᠭᠦᠯᠵᠦ᠂ ᠬᠠᠭᠤᠷᠠᠢ ᠲᠠᠷᠢᠶᠠᠯᠠᠭ᠎ᠠ ᠶᠢᠨ ᠣᠷᠣᠨ ᠳᠤ ︽ᠣᠷᠭᠠᠨᠢᠭ | ᠪᠣᠷᠳᠣᠭᠤᠷ ᠢ ᠨᠡᠮᠡᠵᠦ ᠣᠷᠣᠭᠤᠯᠬᠤ + ᠳᠠᠪᠬᠤᠷᠭ᠎ᠠ ᠬᠤᠪᠢᠶᠠᠨ ᠪᠣᠷᠳᠣᠭᠤᠷ ᠣᠷᠣᠭᠤᠯᠬᠤ + ᠠᠯᠭᠤᠷ ᠡᠵᠡᠮᠳᠡᠨ | ᠪᠣᠷᠳᠣᠭᠤᠷ ᠣᠷᠣᠭᠤᠯᠬᠤ + ᠤᠰᠤ ᠬᠠᠳᠠᠭᠠᠯᠠᠬᠤ ᠡᠳ᠋ ᠭᠡᠷᠡᠭᠯᠡᠬᠦ︾ ᠮᠡᠷᠭᠡᠵᠢᠯ ᠤᠨ ᠵᠠᠭᠪᠤᠷ ᠢ ᠭᠤᠣᠯᠳᠠᠯᠭ᠎ᠠ ᠲᠠᠢ | ᠲᠥᠪᠯᠡᠷᠡᠭᠦᠯᠦᠨ ᠳᠡᠯᠭᠡᠷᠡᠭᠦᠯᠦᠨ᠎ᠡ︔ ᠪᠤᠭᠤᠳᠠᠢ ᠳᠤ ︽ᠣᠷᠭᠠᠨᠢᠭ ᠪᠣᠷᠳᠣᠭᠤᠷ ᠨᠡᠮᠡᠵᠦ ᠣᠷᠣᠭᠤᠯᠬᠤ + ᠮᠠᠰᠢᠨ ᠢᠶᠠᠷ | ᠭᠦᠨ ᠣᠷᠣᠭᠤᠯᠬᠤ + ᠵᠢᠯᠣᠭᠤᠴᠢ ᠦᠭᠡᠢ ᠨᠢᠰᠬᠡᠯ ᠢᠶᠠᠷ ᠪᠣᠷᠳᠣᠭᠤᠷ ᠨᠡᠮᠡᠬᠦ︾᠂ ︽ᠮᠠᠰᠢᠨ ᠢᠶᠠᠷ ᠭᠦᠨ ᠣᠷᠣᠭᠤᠯᠬᠤ | + ᠤᠰᠤ ᠪᠣᠷᠳᠣᠭᠤᠷ ᠢ ᠨᠢᠭᠡ ᠴᠣᠭᠴᠠᠵᠢᠭᠤᠯᠬᠤ + ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠵᠡᠷᠭᠡ | ᠮᠡᠷᠭᠡᠵᠢᠯ ᠤᠨ ᠵᠠᠭᠪᠤᠷ ᠢ ᠭᠤᠣᠯᠳᠠᠯᠭ᠎ᠠ ᠲᠠᠢ ᠲᠥᠪᠯᠡᠷᠡᠭᠦᠯᠦᠨ ᠳᠡᠯᠭᠡᠷᠡᠭᠦᠯᠦᠨ᠎ᠡ︔ ᠤᠰᠤᠨ ᠲᠤᠲᠤᠷᠭ᠎ᠠ ᠶᠢᠨ | ︽ᠣᠷᠭᠠᠨᠢᠭ ᠪᠣᠷᠳᠣᠭᠤᠷ ᠨᠡᠮᠡᠵᠦ ᠣᠷᠣᠭᠤᠯᠬᠤ + ᠬᠠᠵᠠᠭᠤ ᠠᠴᠠ ᠨᠢ ᠭᠦᠨ ᠪᠣᠷᠳᠣᠭᠤᠷ ᠣᠷᠣᠭᠤᠯᠬᠤ + | ᠵᠢᠯᠣᠭᠤᠴᠢ ᠦᠭᠡᠢ ᠨᠢᠰᠬᠡᠯ ᠢᠶᠠᠷ ᠪᠣᠷᠳᠣᠭᠤᠷ ᠨᠡᠮᠡᠬᠦ︾ ᠮᠡᠷᠭᠡᠵᠢᠯ ᠤᠨ ᠵᠠᠭᠪᠤᠷ ᠢ ᠭᠤᠣᠯᠳᠠᠯᠭ᠎ᠠ ᠲᠠᠢ ᠲᠥᠪᠯᠡᠷᠡᠭᠦᠯᠦᠨ | ᠳᠡᠯᠭᠡᠷᠡᠭᠦᠯᠦᠨ᠎ᠡ︔ ᠲᠥᠮᠥᠰᠥᠨ ᠳᠤ ︽ᠬᠥᠷᠥᠰᠥ ᠰᠢᠷᠣᠢ ᠶᠢ ᠬᠡᠮᠵᠢᠭᠰᠡᠨ ᠨᠠᠶᠢᠷᠠᠯᠭ᠎ᠠ ᠭᠡᠷᠡᠭᠯᠡᠬᠦ + ᠰᠢᠮ᠎ᠡ | ᠲᠡᠵᠢᠭᠡᠯ ᠤᠨ ᠣᠨᠣᠰᠢᠯᠠᠯᠲᠠ ᠬᠢᠬᠦ + ᠤᠰᠤ ᠪᠣᠷᠳᠣᠭᠤᠷ ᠢ ᠨᠢᠭᠡ ᠴᠣᠭᠴᠠᠵᠢᠭᠤᠯᠬᠤ + ᠠᠽᠣᠲ ᠪᠣᠷᠳᠣᠭᠤᠷ ᠢ | ᠬᠤᠶᠢᠰᠢ ᠰᠢᠯᠵᠢᠭᠦᠯᠬᠦ︾ ᠮᠡᠷᠭᠡᠵᠢᠯ ᠤᠨ ᠵᠠᠭᠪᠤᠷ ᠢ ᠭᠤᠣᠯᠳᠠᠯᠭ᠎ᠠ ᠲᠠᠢ ᠲᠥᠪᠯᠡᠷᠡᠭᠦᠯᠦᠨ ᠳᠡᠯᠭᠡᠷᠡᠭᠦᠯᠦᠨ᠎ᠡ︔ ᠰᠢᠷ᠎ᠠ | ᠪᠤᠷᠴᠠᠭ ᠲᠤ ︽ᠵᠣᠬᠢᠰᠲᠠᠢ ᠪᠠᠷ ᠨᠢᠭᠲᠠᠴᠠ ᠶᠢ ᠨᠡᠮᠡᠭᠳᠡᠭᠦᠯᠬᠦ + ᠦᠨᠳᠦᠰᠦ ᠶᠢᠨ ᠪᠡᠲᠡᠭᠢ ᠶᠢᠨ ᠪᠠᠺᠲ᠋ᠧᠷᠢ ᠶᠢᠨ | ᠲᠠᠷᠢᠯᠭ᠎ᠠ + ᠠᠯᠭᠤᠷ ᠡᠵᠡᠮᠳᠡᠨ ᠪᠣᠷᠳᠣᠭᠤᠷ ᠤᠷᠤᠭᠤᠯᠬᠤ + ᠵᠢᠯᠣᠭᠤᠴᠢ ᠦᠭᠡᠢ ᠨᠢᠰᠬᠡᠯ ᠢᠶᠠᠷ ᠪᠣᠷᠳᠣᠭᠤᠷ | ᠨᠡᠮᠡᠬᠦ︾᠂ ︽ᠵᠣᠬᠢᠰᠲᠠᠢ ᠪᠠᠷ ᠨᠢᠭᠲᠠᠴᠠ ᠶᠢ ᠨᠡᠮᠡᠭᠳᠡᠭᠦᠯᠬᠦ + ᠦᠨᠳᠦᠰᠦ ᠶᠢᠨ ᠪᠡᠲᠡᠭᠢ ᠶᠢᠨ ᠪᠠᠺᠲ᠋ᠧᠷᠢ ᠶᠢ ᠠᠷᠢᠯᠭᠠᠠᠬᠤ | ᠡᠮ ᠲᠠᠷᠢᠬᠤ + ᠤᠰᠤ ᠪᠣᠷᠳᠣᠭᠤᠷ ᠢ ᠨᠢᠭᠡ ᠴᠣᠭᠴᠠᠵᠢᠭᠤᠯᠬᠤ︾ ᠵᠡᠷᠭᠡ ᠮᠡᠷᠭᠡᠵᠢᠯ ᠤᠨ ᠵᠠᠭᠪᠤᠷ ᠢ ᠭᠤᠣᠯᠳᠠᠯᠭ᠎ᠠ ᠲᠠᠢ | ᠲᠥᠪᠯᠡᠷᠡᠭᠦᠯᠦᠨ ᠳᠡᠯᠭᠡᠷᠡᠭᠦᠯᠦᠨ᠎ᠡ᠃ ᠡᠯ᠎ᠡ ᠭᠠᠵᠠᠷ ᠤᠨ ᠬᠢᠨ ᠲᠠᠷᠢᠮᠠᠯ ᠤᠨ ᠲᠥᠷᠥᠯ ᠬᠡᠯᠪᠡᠷᠢ᠂ ᠬᠥᠷᠥᠰᠥ ᠰᠢᠷᠣᠢ ᠶᠢᠨ | ᠰᠢᠮ᠎ᠡ ᠲᠡᠵᠢᠭᠡᠯ ᠤᠨ ᠪᠠᠶᠢᠳᠠᠯ᠂ ᠪᠣᠷᠳᠣᠭᠤᠷ ᠣᠷᠣᠭᠤᠯᠬᠤ ᠳᠠᠳᠬᠠᠯ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠨ᠂ | ᠰᠢᠷ᠎ᠠ ᠪᠤᠷᠴᠠᠭ ᠤᠨ ᠦᠨᠳᠦᠰᠦ ᠶᠢᠨ ᠪᠡᠲᠡᠭᠢ ᠶᠢᠨ ᠪᠠᠺᠲ᠋ᠧᠷᠢ ᠶᠢᠨ ᠲᠠᠷᠢᠯᠭ᠎ᠠ ᠶᠢᠨ ᠠᠵᠢᠯ ᠲᠠᠢ ᠤᠶᠠᠯᠳᠤᠭᠤᠯᠤᠨ᠂ | ᠬᠤᠯᠪᠣᠭᠳᠠᠯ ᠪᠦᠬᠦᠢ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠶᠢ ᠲᠠᠨᠢᠯᠴᠠᠭᠤᠯᠬᠤ ᠰᠢᠰᠲ᠋ᠧᠮ ᠪᠠ | ᠣᠲᠣ ᠶᠢᠨ ᠪᠠᠶᠢᠭ᠎ᠠ ᠮᠡᠷᠭᠡᠵᠢᠯ ᠤᠨ ᠵᠠᠭᠪᠤᠷ ᠤᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠮᠡᠷᠭᠡᠵᠢᠯ ᠤᠨ ᠪᠣᠯᠵᠣᠯᠲᠤ ᠲᠤᠭ᠎ᠠ ᠶᠢ ᠰᠢᠯᠢᠳᠡᠭᠵᠢᠭᠦᠯᠵᠦ᠂ ︽ᠭᠤᠷᠪᠠᠨ ᠰᠢᠨ᠎ᠡ︾ | ᠬᠤᠷᠠᠮᠠᠯ ᠵᠠᠭᠪᠤᠷ ᠪᠠ ᠪᠣᠷᠳᠣᠭᠤᠷ ᠣᠷᠣᠭᠤᠯᠬᠤ ᠲᠥᠰᠥᠯ ᠢ ᠲᠣᠭᠲᠠᠭᠠᠬᠤ ᠬᠡᠷᠡᠭᠲᠡᠢ᠃ | ︵ᠬᠤᠶᠠᠷ︶ ᠬᠥᠷᠥᠰᠥ ᠰᠢᠷᠣᠢ ᠶᠢ ᠭᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠶᠢ ᠪᠠᠬᠢᠵᠢᠭᠦᠯᠦᠨ | ᠳᠡᠭᠡᠭᠰᠢᠯᠡᠭᠦᠯᠵᠦ᠂ ᠲᠠᠷᠢᠶᠠᠨ ᠤ ᠪᠣᠷᠳᠣᠭᠤᠷ ᠤᠨ ᠠᠰᠢᠭᠯᠠᠮᠵᠢ ᠶᠢᠨ ᠲᠤᠷᠰᠢᠯᠲᠠ ᠶᠢ ᠰᠠᠶᠢᠲᠤᠷ ᠬᠢᠬᠦ ᠬᠡᠷᠡᠭᠲᠡᠢ᠃ | ︽2025 ᠣᠨ ᠤ ᠠᠮᠤ ᠪᠤᠳᠠᠭᠠᠨ ᠤ ᠲᠠᠷᠢᠮᠠᠯ ᠤᠨ ᠬᠢᠮᠢ ᠶᠢᠨ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢᠨ | ᠲᠠᠷᠢᠶᠠᠨ ᠭᠠᠵᠠᠷ ᠤᠨ ᠲᠤᠷᠰᠢᠯᠲᠠ ᠶᠢᠨ ᠲᠥᠰᠥᠯ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠰᠢᠷᠣᠢ | ᠪᠣᠷᠳᠣᠭᠤᠷ ᠲᠠᠷᠬᠠᠭᠠᠭᠰᠠᠨ ﹇2025﹈ 19 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠤᠭᠤᠳᠠᠢ᠂ ᠡᠷᠳᠡᠨᠢ | ᠰᠢᠰᠢ ᠶᠢᠨ ᠬᠢᠮᠢ ᠶᠢᠨ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢᠨ ᠲᠤᠷᠰᠢᠯᠲᠠ ᠶᠢ ᠵᠦᠢ ᠵᠣᠬᠢᠰᠲᠠᠢ | ᠪᠠᠶᠢᠷᠢᠯᠠᠭᠤᠯᠵᠤ᠂ ᠲᠥᠰᠥᠯ ᠳᠤ ᠱᠠᠭᠠᠷᠳᠠᠭᠰᠠᠨ ᠠᠰᠢᠭᠯᠠᠯᠲᠠ ᠶᠢᠨ ᠨᠣᠷᠮ᠎ᠠ ᠶᠢᠨ ᠲᠤᠷᠰᠢᠯᠲᠠ ᠶᠢ ᠪᠡᠶᠡᠯᠡᠭᠦᠯᠦᠭᠰᠡᠨ | ᠤᠷᠢᠲᠠᠯ ᠳᠣᠣᠷ᠎ᠠ᠂ ᠲᠣᠰ ᠪᠡᠶ᠎ᠡ ᠶᠢᠨ ᠬᠡᠷᠡᠭᠴᠡᠭᠡ ᠪᠠᠨ ᠦᠨᠳᠦᠰᠦᠯᠡᠨ ᠠᠰᠢᠭᠯᠠᠯᠲᠠ ᠶᠢᠨ ᠨᠣᠷᠮ᠎ᠠ ᠶᠢᠨ | ᠲᠤᠷᠰᠢᠯᠲᠠ ᠶᠢ ᠨᠡᠮᠡᠨ ᠪᠠᠶᠢᠭᠤᠯᠵᠤ ᠪᠣᠯᠣᠨ᠎ᠠ᠃ ᠪᠣᠷᠳᠣᠭᠤᠷ ᠣᠷᠣᠭᠤᠯᠬᠤ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ | ᠰᠢᠨ᠎ᠡ ᠮᠠᠰᠢᠨ ᠪᠠᠭᠠᠵᠢ ᠶᠢᠨ ᠲᠣᠭᠤᠷᠢᠨ ᠳᠤ᠂ ᠪᠣᠷᠳᠣᠭᠤᠷ ᠣᠷᠣᠭᠤᠯᠬᠤ ᠣᠳᠣᠬᠢ ᠪᠠᠶᠢᠳᠠᠯ ᠳᠤ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ᠂ ᠰᠢᠨ᠎ᠡ ᠬᠡᠯᠪᠡᠷᠢ ᠶᠢᠨ ᠪᠣᠷᠳᠣᠭᠤᠷ ᠣᠷᠣᠭᠤᠯᠬᠤ᠂ ᠪᠣᠷᠳᠣᠭᠤᠷ ᠣᠷᠣᠭᠤᠯᠬᠤ | ᠦᠢᠯᠡᠳᠦᠯ᠂ ᠨᠠᠶᠢᠷᠠᠯᠭ᠎ᠠ ᠶᠢ ᠵᠠᠯᠠᠷᠠᠭᠤᠯᠬᠤ ᠵᠡᠷᠭᠡ ᠲᠠᠷᠢᠶᠠᠨ ᠭᠠᠵᠠᠷ ᠤᠨ ᠲᠤᠷᠰᠢᠯᠲᠠ ᠶᠢ ᠥᠷᠨᠢᠭᠦᠯᠦᠨ᠎ᠡ᠃ ᠬᠠᠮᠢᠶ᠎ᠠ | ᠪᠦᠬᠦᠢ ᠲᠤᠷᠰᠢᠯᠲᠠ ᠳᠤ ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ | ᠵᠢᠭᠠᠨ ᠰᠤᠷᠭᠠᠯᠲᠠ ᠶᠢᠨ ᠨᠢᠭᠡᠴᠡ ᠳᠤ ᠨᠠᠶᠢᠳᠠᠨ ᠡᠭᠦᠷᠭᠡ ᠡᠭᠦᠷᠭᠡᠯᠡᠭᠦᠯᠵᠦ᠂ ᠣᠷᠳᠣ ᠬᠤᠭᠤᠴᠠᠭ᠎ᠠ ᠪᠠᠷ ᠴᠢᠭ᠋ | ᠲᠣᠭᠲᠠᠭᠠᠨ ᠬᠢᠨᠠᠨ ᠰᠢᠨᠵᠢᠬᠦ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠤᠨ᠎ᠠ᠃ ᠡᠯ᠎ᠡ ᠭᠠᠵᠠᠷ ᠤᠨ ᠬᠢᠨ ᠪᠣᠷᠳᠣᠭᠤᠷ | ᠬᠡᠷᠡᠭᠯᠡᠬᠦ᠂ ᠲᠠᠷᠢᠶᠠᠨ ᠠᠵᠢᠯ ᠤᠨ ᠬᠠᠮᠢᠶᠠᠷᠤᠯᠲᠠ᠂ ᠥᠯᠢᠭᠡᠷ ᠡᠳ᠋ ᠴᠤᠭᠯᠠᠭᠤᠯᠬᠤ᠂ ᠤᠨᠠᠯᠲᠠ ᠶᠢ ᠬᠡᠮᠵᠢᠨ ᠵᠠᠳᠠᠯᠬᠤ | ᠵᠡᠷᠭᠡ ᠪᠥᠬᠦ ᠵᠠᠩᠭᠢᠯᠠᠭ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠪᠠ ᠶᠠᠰᠤ ᠴᠢᠨᠠᠷ ᠤᠨ ᠡᠵᠡᠮᠳᠡᠯ ᠢ ᠴᠢᠩᠭᠠᠳᠬᠠᠵᠤ᠂ | ᠲᠤᠷᠰᠢᠯᠲᠠ ᠶᠢᠨ ᠦᠷ᠎ᠡ ᠳ᠋ᠦᠩ ᠤᠨ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ᠂ ᠲᠤᠭ᠎ᠠ ᠪᠠᠷᠢᠮᠲᠠ ᠶᠢᠨ | ᠲᠡᠮᠳᠡᠭᠯᠡᠯ ᠤᠨ ᠨᠠᠷᠢᠨ ᠪᠣᠳᠠᠲᠠᠢ ᠪᠥᠭᠡᠳ ᠨᠠᠷᠢᠯᠢᠭ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠠᠷᠢᠶᠠᠴᠢᠨ ᠡᠷᠦᠬᠡ ᠶᠢᠨ ᠪᠣᠷᠳᠣᠭᠤᠷ ᠣᠷᠣᠭᠤᠯᠤᠭᠰᠠᠨ ᠪᠠᠶᠢᠳᠠᠯ ᠤᠨ ᠪᠠᠶᠢᠴᠠᠭᠠᠯᠲᠠ ᠶᠢ ᠲᠠᠷᠢᠮᠠᠯ ᠤᠨ ᠲᠥᠷᠥᠯ | ᠬᠡᠯᠪᠡᠷᠢ᠂ ᠲᠠᠷᠢᠮᠠᠯ ᠤᠨ ᠳᠦᠷᠢᠮ᠂ ᠪᠣᠷᠳᠣᠭᠤᠷ ᠣᠷᠣᠭᠤᠯᠬᠤ ᠭᠤᠣᠯ ᠴᠣᠭᠴᠠ ᠵᠡᠷᠭᠡ ᠬᠦᠴᠦᠨ ᠵᠦᠢᠯ ᠢ | ᠶᠡᠷᠦᠩᠬᠡᠶᠢᠯᠡᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠪᠠᠷ ᠭᠤᠣᠯ ᠪᠣᠯᠭᠠᠨ᠂ ᠵᠢᠵᠢᠭ ᠲᠠᠷᠢᠶᠠᠴᠢᠨ | ᠡᠷᠦᠬᠡ ᠶᠢ ᠬᠠᠮᠲᠤ ᠳᠤᠨᠢ ᠬᠠᠷᠠᠭᠠᠯᠵᠠᠵᠤ᠂ ᠲᠠᠷᠢᠶᠠᠴᠢᠨ ᠡᠷᠦᠬᠡ ᠶᠢᠨ ᠪᠣᠷᠳᠣᠭᠤᠷ ᠣᠷᠣᠭᠤᠯᠤᠭᠰᠠᠨ ᠪᠠᠶᠢᠳᠠᠯ ᠤᠨ | ᠪᠠᠶᠢᠴᠠᠭᠠᠯᠲᠠ ᠶᠢᠨ ᠴᠡᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ᠂ ᠪᠣᠳᠠᠲᠠᠢ ᠪᠠᠶᠢᠳᠠᠯ ᠢ | ᠦᠨᠳᠦᠰᠦᠯᠡᠨ ᠣᠲᠣ ᠶᠢᠨ ᠪᠠᠶᠢᠭ᠎ᠠ ᠲᠠᠷᠢᠶᠠᠴᠢᠨ ᠡᠷᠦᠬᠡ ᠶᠢᠨ ᠮᠠᠲ᠋ᠧᠷᠢᠶᠠᠯ ᠢ ᠬᠥᠳᠡᠯᠦᠩᠭᠦᠢ ᠪᠠᠷ ᠰᠢᠨᠡᠳᠬᠡᠬᠦ | ᠬᠡᠷᠡᠭᠲᠡᠢ᠃ ︽ᠪᠣᠷᠳᠣᠭᠤᠷ ᠤᠨ ᠪᠠᠶᠢᠳᠠᠯ ᠢ ᠬᠢᠨᠠᠨ ᠬᠡᠮᠵᠢᠬᠦ ᠨᠡᠪᠳᠡᠷᠬᠡᠢ︾ ᠵᠢᠵᠢᠭ ᠫᠷᠤᠭ᠍ᠷᠠᠮ ︵ᠬᠤᠶᠠᠷ ᠬᠡᠮᠵᠢᠯ ᠤᠨ | ᠺᠣᠳ᠋ ᠢ ᠳᠠᠭᠠᠯᠳᠤᠭᠤᠯᠤᠯ 2 ᠲᠤ ᠦᠵᠡ︶ ᠢᠶᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ᠪᠣᠷᠳᠣᠭᠤᠷ | ᠣᠷᠣᠭᠤᠯᠤᠭᠰᠠᠨ ᠪᠠᠶᠢᠳᠠᠯ ᠪᠠ ᠪᠣᠷᠳᠣᠭᠤᠷ ᠬᠡᠷᠡᠭᠯᠡᠭᠰᠡᠨ ᠦᠷ᠎ᠡ ᠪᠦᠲᠦᠮᠵᠢ ᠶᠢ ᠪᠠᠶᠢᠴᠠᠭᠠᠵᠤ ᠬᠢᠨᠠᠨ ᠬᠡᠮᠵᠢᠬᠦ | ᠠᠵᠢᠯ ᠢ ᠦᠷᠨᠢᠬᠦᠯᠬᠦ ᠬᠡᠷᠡᠭᠳᠡᠢ᠃ ᠪᠥᠬᠦ ᠤᠯᠤᠰ ᠤᠨ ᠪᠣᠷᠳᠣᠭᠤᠷ ᠤᠨ ᠤᠰᠤ ᠠᠷᠪᠢᠯᠠᠬᠤ ᠲᠤᠰᠬᠠᠢ ᠮᠡᠷᠭᠡᠵᠢᠯ ᠤᠨ | ᠪᠦᠷᠢᠳᠬᠡᠯ ᠲᠠᠢ ᠤᠶᠠᠯᠳᠤᠭᠤᠯᠤᠨ᠂ ᠲᠣᠰ ᠵᠠᠰᠠᠭ ᠵᠠᠬᠢᠷᠭᠠᠨ ᠤ ᠣᠷᠣᠨ ᠤ ᠪᠠᠨ ᠪᠣᠷᠳᠣᠭᠤᠷ ᠣᠷᠣᠭᠤᠯᠬᠤ ᠬᠢᠷᠢ | ᠬᠡᠮᠵᠢᠶ᠎ᠡ᠂ ᠪᠣᠷᠳᠣᠭᠤᠷ ᠣᠷᠣᠭᠤᠯᠬᠤ ᠪᠦᠲᠦᠴᠡ᠂ ᠪᠣᠷᠳᠣᠭᠤᠷ ᠣᠷᠣᠭᠤᠯᠬᠤ ᠠᠷᠭ᠎ᠠ ᠮᠠᠶ᠋ᠢᠭ ᠵᠡᠷᠭᠡ ᠶᠢ ᠵᠠᠳᠠᠯᠵᠤ᠂ | ᠲᠤᠰᠬᠠᠢ ᠰᠡᠳᠦᠪᠲᠦ ᠮᠡᠳᠡᠭᠦᠯᠦᠯᠲᠡ ᠶᠢ ᠪᠦᠷᠢᠯᠳᠦᠭᠦᠯᠬᠦ ᠭᠡᠷᠡᠭᠳᠡᠢ᠃ | ︵ᠭᠤᠷᠪᠠ︶ ︽ᠰᠢᠯᠢᠳᠡᠭ ᠢ ᠡᠵᠡᠮᠳᠡᠵᠦ ᠪᠦᠬᠦᠨ ᠢ ᠮᠦᠷᠳᠡᠭᠦ︾ ᠮᠡᠷᠭᠡᠵᠢᠯ ᠤᠨ ᠳᠡᠯᠭᠡᠷᠡᠭᠦᠯᠦᠯᠲᠡ ᠶᠢ | ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ︽ᠰᠢᠯᠢᠳᠡᠭ ᠢ ᠡᠵᠡᠮᠳᠡᠨ ᠪᠦᠬᠦᠨ ᠢ ᠮᠦᠷᠳᠡᠬᠦ︾ ︵ᠤᠤᠯ ᠤᠨ | ᠰᠠᠭᠤᠷᠢ ᠪᠣᠷᠳᠣᠭᠤᠷ ᠤᠷᠤᠭᠤᠯᠬᠤ ᠦᠭᠡᠢ ᠮᠡᠷᠭᠡᠵᠢᠯ︶ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ | ᠡᠷᠴᠢᠮ ᠢᠶᠠᠨ ᠦᠷᠭᠦᠯᠵᠢᠯᠡᠨ ᠥᠷᠭᠡᠳᠬᠡᠵᠦ ︵ᠲᠥᠰᠥᠯ ᠢ ᠳᠠᠭᠠᠯᠳᠤᠭᠤᠯᠤᠯ 3 ᠳᠤ ᠦᠵᠡ︶᠂ ᠲᠣᠬᠢᠷᠠᠮᠵᠢᠲᠠᠢ ᠭᠠᠵᠠᠷ | ᠣᠷᠣᠨ ᠤ ᠭᠤᠣᠯ ᠳᠠᠷᠢᠬᠤ ᠲᠠᠷᠢᠮᠠᠯ ᠳᠡᠭᠡᠷ᠎ᠡ ᠰᠠᠭᠤᠷᠢ ᠪᠣᠷᠳᠣᠭᠤᠷ ᠣᠷᠣᠭᠤᠯᠬᠤ ᠦᠭᠡᠢ ᠪᠤᠶᠤ ᠪᠠᠭ᠎ᠠ ᠣᠷᠣᠭᠤᠯᠬᠤ᠂ | ᠦᠷᠡᠵᠢᠯ ᠤᠨ ᠬᠤᠭᠤᠴᠠᠭᠠᠨ ᠳᠤ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠪᠣᠷᠳᠣᠭᠤᠷ ᠣᠷᠣᠭᠤᠯᠬᠤ ᠣᠨᠣᠯᠵᠢᠬᠤᠨ ᠢ | ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠳᠠᠪᠠᠭᠤᠯᠢᠭ ᠢ ᠭᠦᠢᠴᠡᠳ | ᠪᠠᠳᠠᠷᠠᠭᠤᠯᠤᠨ᠂ ᠬᠢᠮᠢ ᠶᠢᠨ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ | ᠲᠤᠷᠰᠢᠯᠲᠠ ᠶᠢᠨ ᠣᠷᠣᠨ ᠨᠢ ᠲᠤᠬᠠᠢ ᠶᠢᠨ ᠭᠠᠵᠠᠷ ᠤᠨ ᠭᠤᠣᠯ ᠳᠠᠷᠢᠬᠤ ᠲᠠᠷᠢᠮᠠᠯ ᠤᠨ ︽ᠰᠢᠯᠢᠳᠡᠭ ᠢ ᠡᠵᠡᠮᠳᠡᠵᠦ | ᠪᠦᠬᠦᠨ ᠢ ᠮᠦᠷᠳᠡᠭᠦ︾ ᠪᠣᠷᠳᠣᠭᠤᠷ ᠣᠷᠣᠭᠤᠯᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠰᠦᠪᠡᠭᠴᠢᠯᠡᠨ | ᠪᠠᠶᠢᠭᠤᠯᠬᠤ ᠪᠠᠷ ᠭᠤᠣᠯ ᠬᠠᠷᠠᠯᠲᠠ ᠪᠠᠨ ᠪᠣᠯᠭᠠᠵᠤ᠂ ᠲᠡᠯᠭᠡᠨ ᠦᠵᠡᠭᠦᠯᠭᠡ ᠶᠢᠨ ᠣᠷᠣᠨ ᠪᠠ ᠵᠢᠱᠢᠶ᠎ᠡ ᠦᠵᠡᠭᠦᠯᠬᠦ | ᠣᠷᠣᠨ ᠨᠢ ᠪᠣᠷᠳᠣᠭᠤᠷ ᠣᠷᠣᠭᠤᠯᠬᠤ ᠦᠵᠡᠯ ᠤᠬᠠᠮᠰᠠᠷ ᠢ ᠳᠡᠭᠡᠭᠰᠢᠯᠡᠭᠦᠯᠬᠦ᠂ ᠪᠣᠷᠳᠣᠭᠤᠷ ᠣᠷᠣᠭᠤᠯᠬᠤ ᠠᠷᠭ᠎ᠠ | ᠮᠠᠶ᠋ᠢᠭ ᠢ ᠰᠢᠯᠢᠳᠡᠭᠵᠢᠭᠦᠯᠬᠦ ᠪᠠᠷ ᠭᠤᠣᠯ ᠬᠠᠷᠠᠯᠲᠠ ᠪᠠᠨ ᠪᠣᠯᠭᠠᠵᠤ᠂ ᠪᠣᠷᠳᠣᠭᠤᠷ ᠣᠷᠣᠭᠤᠯᠬᠤ ᠬᠡᠮᠵᠢᠶ᠎ᠡ ᠶᠢ ᠵᠣᠬᠢᠬᠤ | ᠬᠡᠮᠵᠢᠶ᠎ᠡ ᠪᠠᠷ ᠪᠠᠭᠤᠷᠠᠭᠤᠯᠤᠭᠰᠠᠨ ᠤᠷᠢᠲᠠᠯ ᠳᠣᠣᠷ᠎ᠠ ᠭᠠᠷᠤᠯᠲᠠ ᠶᠢᠨ ᠬᠡᠮᠵᠢᠶ᠎ᠡ ᠶᠢ ᠦᠨᠳᠦᠰᠦᠨ ᠳᠡᠭᠡᠨ ᠲᠣᠭᠲᠠᠭᠤᠨ | ᠪᠠᠶᠢᠯᠭᠠᠬᠤ ᠶᠢ ᠴᠢᠷᠮᠠᠶᠢᠨ ᠪᠡᠶᠡᠯᠡᠭᠦᠯᠵᠦ᠂ ᠪᠣᠷᠳᠣᠭᠤᠷ ᠣᠷᠣᠭᠤᠯᠬᠤ ᠶᠢ ᠬᠢᠵᠠᠭᠠᠷᠯᠠᠨ ᠦᠷ᠎ᠡ ᠠᠰᠢᠭ ᠢ | ᠨᠡᠮᠡᠭᠳᠡᠭᠦᠯᠬᠦ ᠶᠢ ᠪᠡᠶᠡᠯᠡᠭᠦᠯᠬᠦ ᠭᠡᠷᠡᠭᠳᠡᠢ᠃ | ︵ᠳᠥᠷᠪᠡ︶ ᠣᠶᠤᠨᠴᠢ ᠨᠠᠷᠢᠯᠢᠭ ᠣᠨᠣᠴᠠᠲᠠᠢ ᠪᠠᠷ ᠪᠣᠷᠳᠣᠭᠤᠷ ᠣᠷᠣᠭᠤᠯᠬᠤ ᠦᠢᠯᠡᠴᠢᠯᠡᠭᠡ ᠶᠢ ᠠᠬᠢᠭᠤᠯᠬᠤ | ᠬᠡᠷᠡᠭᠲᠡᠢ᠃ ᠡᠯ᠎ᠡ ᠭᠠᠵᠠᠷ ᠤᠨ ᠬᠢᠨ ᠵᠠᠩᠭᠢᠯᠠᠭ᠎ᠠ ᠶᠢᠨ ᠲᠠᠷᠢᠶᠠᠯᠠᠩ ᠤᠨ ᠴᠠᠭ ᠲᠤ᠂ ᠲᠣᠮᠣ ᠳ᠋ᠠᠶᠢᠲ᠋ᠠ ᠶᠢᠨ | ᠵᠠᠳᠠᠯᠤᠯᠲᠠ ᠶᠢᠨ ᠠᠷᠭ᠎ᠠ ᠪᠠᠷᠢᠯ ᠢ ᠰᠦᠪᠡᠭᠴᠢᠯᠡᠨ ᠬᠡᠷᠡᠭᠯᠡᠵᠦ᠂ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ | ᠪᠣᠷᠳᠣᠭᠤᠷ ᠣᠷᠣᠭᠤᠯᠬᠤ ᠲᠤᠭ᠎ᠠ ᠪᠠᠷᠢᠮᠲᠠ ᠶᠢ ᠭᠦᠨᠵᠡᠭᠡᠢ ᠠᠭᠤᠳᠠᠯᠵᠤ᠂ ᠬᠤᠰᠢᠭᠤ ᠰᠢᠶᠠᠨ ᠢ ᠵᠢᠯᠣᠭᠤᠳᠤᠨ ᠲᠣᠰ | ᠭᠠᠵᠠᠷ ᠣᠷᠣᠨ ᠤ ᠭᠤᠣᠯ ᠪᠣᠯᠬᠤ ᠲᠠᠷᠢᠮᠠᠯ ᠤᠨ ᠪᠣᠷᠳᠣᠭᠤᠷ ᠣᠷᠣᠭᠤᠯᠬᠤ ᠮᠡᠷᠭᠡᠵᠢᠯ ᠤᠨ ᠵᠦᠭᠯᠡᠭᠦᠷ ᠢ ᠲᠣᠭᠲᠠᠭᠠᠨ | ᠨᠡᠶᠢᠲᠡᠯᠡᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠤ ᠣᠶᠤᠨᠴᠢᠯᠠᠭᠰᠠᠨ ᠪᠣᠷᠳᠣᠭᠤᠷ ᠣᠷᠣᠭᠤᠯᠬᠤ ᠶᠢ | ᠲᠠᠨᠢᠯᠴᠠᠭᠤᠯᠬᠤ ᠰᠢᠰᠲ᠋ᠧᠮ ︵ᠵᠢᠱᠢᠶᠡᠯᠡᠪᠡᠯ NE ᠰᠢᠰᠲ᠋ᠧᠮ᠂ ᠬᠤᠶᠠᠷ ᠬᠡᠮᠵᠢᠯᠲᠦ ᠺᠣᠳ᠋ ᠢ ᠳᠠᠭᠠᠯᠳᠤᠭᠤᠯᠤᠯ 2 ᠲᠤ | ᠦᠵᠡ︶ ᠪᠤᠶᠤ ᠣᠶᠤᠨᠴᠢᠯᠠᠭᠰᠠᠨ ᠪᠣᠷᠳᠣᠭᠤᠷ ᠣᠷᠣᠭᠤᠯᠬᠤ ᠲᠥᠰᠥᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ | ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠪᠥᠬᠦ ᠲᠣᠰᠬᠤᠨ ᠪᠥᠬᠦ ᠰᠢᠶᠠᠩ ᠢᠶᠠᠷ ᠢᠶᠠᠨ ︽ᠨᠢᠭᠡᠳᠦᠯᠲᠡᠢ ᠬᠡᠮᠵᠢᠬᠦ᠂ | ᠨᠢᠭᠡᠳᠦᠯᠲᠡᠢ ᠬᠤᠪᠢᠶᠠᠷᠢᠯᠠᠬᠤ᠂ ᠨᠢᠭᠡᠳᠦᠯᠲᠡᠢ ᠬᠠᠩᠭᠠᠬᠤ᠂ ᠨᠢᠭᠡᠳᠦᠯᠲᠡᠢ ᠬᠡᠷᠡᠭᠯᠡᠬᠦ︾ ᠰᠢᠨᠵᠢᠯᠡᠬᠦ ᠤᠬᠠᠭᠠᠨᠴᠢ ᠪᠠᠷ | ᠪᠣᠷᠳᠣᠭᠤᠷ ᠣᠷᠣᠭᠤᠯᠬᠤ ᠦᠢᠯᠡᠴᠢᠯᠡᠭᠡ ᠶᠢ ᠦᠷᠨᠢᠬᠦᠯᠬᠦ ᠭᠡᠷᠡᠭᠳᠡᠢ︔ ᠪᠥᠭᠡᠮ ᠢᠶᠠᠷ ᠬᠡᠮᠵᠢᠶᠡᠵᠢᠭᠦᠯᠦᠨ ᠥᠨᠳᠥᠷ | ᠦᠷ᠎ᠡ ᠪᠦᠲᠦᠮᠵᠢᠲᠡᠶ ᠵᠠᠳᠠᠯᠤᠨ ᠰᠢᠯᠭᠠᠬᠤ ᠪᠠ ᠵᠢᠯᠣᠭᠤᠴᠢ ᠦᠭᠡᠢ ᠨᠢᠰᠬᠡᠯ ᠢᠶᠠᠷ ᠣᠨᠣᠰᠢᠯᠠᠬᠤ ᠬᠤᠪᠢᠰᠤᠭᠴᠢ | ᠪᠣᠷᠳᠣᠭᠤᠷ ᠣᠷᠣᠭᠤᠯᠬᠤ ᠵᠡᠷᠭᠡ ᠣᠶᠤᠨᠴᠢᠯᠠᠭᠰᠠᠨ ᠮᠡᠳᠡᠭᠡ ᠵᠠᠩᠭᠢᠵᠢᠯᠲᠠ ᠶᠢᠨ ᠨᠠᠷᠢᠯᠢᠭ ᠣᠨᠣᠴᠠᠲᠠᠢ ᠪᠠᠷ ᠪᠣᠷᠳᠣᠭᠤᠷ | ᠣᠷᠣᠭᠤᠯᠬᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠤᠬᠠᠭᠤᠯᠬᠤ᠂ ᠲᠦᠭᠡᠮᠡᠯᠵᠢᠭᠦᠯᠬᠦ ᠪᠠ ᠬᠡᠷᠡᠭᠯᠡᠬᠦ ᠶᠢ | ᠲᠦᠷᠭᠡᠳᠬᠡᠵᠦ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠲᠡᠷᠢᠭᠦᠨ ᠤ ᠮᠡᠷᠭᠡᠵᠢᠯ ᠤᠨ | ᠲᠦᠭᠡᠮᠡᠯᠵᠢᠭᠦᠯᠦᠯᠲᠡ ᠶᠢᠨ ᠨᠣᠷᠮ᠎ᠠ ᠪᠠ ᠪᠣᠳᠠᠲᠠᠶᠢᠵᠢᠭᠤᠯᠤᠯᠲᠠ ᠶᠢᠨ ᠨᠣᠷᠮ᠎ᠠ ᠶᠢ ᠲᠡᠭᠡᠭᠰᠢᠯᠡᠭᠦᠯᠬᠦ ᠭᠡᠷᠡᠭᠳᠡᠢ᠃ | ︵ᠲᠠᠪᠤ︶ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠤᠭᠰᠠᠨ ᠦᠷ᠎ᠡ ᠪᠦᠲᠦᠮᠵᠢ ᠶᠢᠨ ᠦᠨᠡᠯᠡᠯᠳᠡ ᠶᠢ | ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ | ᠣᠷᠣᠭᠤᠯᠬᠤ ᠶᠢ ᠬᠡᠷᠡᠭᠵᠢᠭᠦᠯᠦᠭᠰᠡᠨ ᠬᠤᠷᠢᠨ ᠵᠢᠯ ᠤᠨ ᠠᠵᠢᠯ ᠤᠨ ᠥᠩᠭᠡᠷᠡᠯᠲᠡ᠂ ᠮᠡᠷᠭᠡᠵᠢᠯ ᠤᠨ ᠳᠠᠪᠰᠢᠯᠲᠠ᠂ | ᠲᠤᠷᠰᠢᠯᠭ᠎ᠠ ᠶᠢᠨ ᠲᠡᠯᠭᠡᠷᠡᠭᠦᠯᠦᠯᠳᠡ᠂ ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ | ᠢᠯᠠᠩᠭᠤᠶ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠣᠷᠳᠣᠭᠤᠷ ᠢ | ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠠᠬᠢᠴᠠ ᠪᠠ ᠣᠯᠣᠭᠰᠠᠨ ᠦᠷ᠎ᠡ ᠪᠦᠲᠦᠮᠵᠢ ᠶᠢ ᠭᠦᠨᠵᠡᠭᠡᠢ | ᠳ᠋ᠦᠩᠨᠡᠵᠦ᠂ ᠲᠠᠷᠢᠮᠠᠯ ᠤᠨ ᠤᠨᠠᠯᠲᠠ ᠶᠢᠨ ᠶᠠᠰᠤ ᠴᠢᠨᠠᠷ᠂ ᠬᠥᠷᠥᠰᠥ ᠰᠢᠷᠣᠢ ᠶᠢᠨ ᠥᠩ ᠰᠢᠮ᠎ᠡ᠂ ᠪᠣᠷᠳᠣᠭᠤᠷ ᠤᠨ | ᠠᠰᠢᠭᠯᠠᠯᠲᠠ ᠶᠢᠨ ᠦᠷ᠎ᠡ ᠪᠦᠲᠦᠮᠵᠢ ᠳᠤ ᠦᠵᠡᠭᠦᠯᠦᠭᠰᠡᠨ ᠬᠥᠷᠥᠰᠥ ᠰᠢᠷᠣᠢ ᠶᠢᠨ ᠨᠠᠶᠢᠷᠠᠯᠭ᠎ᠠ ᠲᠠᠢ ᠪᠣᠷᠳᠣᠭᠤᠷ ᠤᠨ | ᠬᠤᠪᠢ ᠨᠡᠮᠡᠷᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠬᠠᠭᠤᠯᠪᠤᠷᠢᠯᠠᠨ ᠳᠡᠯᠭᠡᠷᠡᠭᠦᠯᠵᠦ ᠪᠣᠯᠬᠤ | ᠨᠡᠶᠢᠲᠡᠯᠢᠭ ᠬᠡᠷᠡᠭ ᠤᠨ ᠵᠢᠱᠢᠶ᠎ᠡ ᠶᠢ ᠪᠣᠯᠪᠠᠰᠤᠷᠠᠭᠤᠯᠤᠨ ᠠᠪᠴᠤ᠂ ᠡᠯ᠎ᠡ ᠭᠠᠵᠠᠷ ᠤᠨ ᠬᠢᠨ ᠤ ᠦᠷ᠎ᠡ ᠪᠦᠲᠦᠭᠡᠯ ᠢᠶᠠᠨ | ᠬᠤᠷᠢᠶᠠᠩᠭᠤᠶᠢᠯᠠᠨ ᠨᠣᠮ ᠪᠢᠴᠢᠭ ᠬᠡᠪᠯᠡᠭᠦᠯᠬᠦ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠪᠣᠷᠳᠣᠭᠤᠷ ᠤᠨ | ᠦᠢᠯᠡᠴᠢᠯᠡᠭᠡ ᠶᠢ ᠬᠢᠨᠠᠨ ᠬᠡᠮᠵᠢᠵᠦ ᠦᠨᠡᠯᠡᠬᠦ ᠶᠢ ᠴᠢᠨᠠᠭᠰᠢᠳᠠ ᠴᠢᠩᠭᠠᠳᠬᠠᠵᠤ᠂ ︽ᠭᠤᠷᠪᠠᠨ ᠰᠢᠨ᠎ᠡ︾ ᠬᠤᠷᠠᠮᠠᠯ | ᠵᠠᠭᠪᠤᠷ ᠲᠠᠢ ᠤᠶᠠᠯᠳᠤᠭᠤᠯᠤᠨ ᠮᠢᠩᠭᠠᠨ ᠲᠡᠭᠰᠢ ᠳᠥᠷᠪᠡᠯᠵᠢᠨ ᠮᠦ᠂ ᠲᠦᠮᠡᠨ ᠮᠦ ᠬᠡᠰᠡᠭ ᠢ ᠳᠡᠯᠭᠡᠷᠡᠭᠦᠯᠵᠦ᠂ ᠬᠥᠷᠥᠰᠥ | ᠰᠢᠷᠣᠢ ᠶᠢᠨ ᠰᠢᠮ᠎ᠡ ᠲᠡᠵᠢᠭᠡᠯ᠂ ᠪᠣᠷᠳᠣᠭᠤᠷ ᠣᠷᠣᠭᠤᠯᠤᠭᠰᠠᠨ ᠦᠷ᠎ᠡ ᠪᠦᠲᠦᠮᠵᠢ᠂ ᠭᠠᠷᠤᠯᠲᠠ ᠶᠢᠨ ᠲᠦᠪᠰᠢᠨ ᠤ | ᠬᠤᠪᠢᠷᠠᠯᠲᠠ ᠶᠢ ᠬᠢᠨᠠᠨ ᠬᠡᠮᠵᠢᠵᠦ᠂ ᠨᠠᠶᠢᠳᠠᠪᠤᠷᠢᠲᠠᠢ ᠲᠤᠭ᠎ᠠ ᠪᠠᠷᠢᠮᠲᠠ ᠪᠠᠷ ᠰᠢᠨᠵᠢᠯᠡᠬᠦ ᠤᠬᠠᠭᠠᠨᠴᠢ ᠪᠠᠷ ᠪᠣᠷᠳᠣᠭᠤᠷ | ᠣᠷᠣᠭᠤᠯᠤᠭᠰᠠᠨ ᠦᠷ᠎ᠡ ᠪᠦᠲᠦᠮᠵᠢ ᠶᠢ ᠦᠨᠡᠯᠡᠬᠦ ᠬᠡᠷᠡᠭᠲᠡᠢ᠃ | ︵ᠵᠢᠷᠭᠤᠭ᠎ᠠ︶ ᠪᠣᠯᠪᠠᠰᠤᠷᠠᠯ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ︽ᠵᠠᠭᠤᠨ ᠰᠢᠶᠠᠨ | ᠮᠢᠩᠭᠠᠨ ᠰᠢᠶᠠᠩ ᠲᠦᠮᠡᠨ ᠡᠷᠦᠬᠡ︾ ᠶᠢᠨ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠪᠣᠯᠪᠠᠰᠤᠷᠠᠯ ᠤᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠡᠯᠭᠡᠷᠡᠭᠦᠯᠬᠦ᠂ ᠰᠢᠨᠵᠢᠯᠡᠬᠦ ᠤᠬᠠᠭᠠᠨ ᠤ ᠰᠤᠳᠤᠯᠤᠯ᠂ ᠵᠢᠭᠠᠨ | ᠰᠤᠷᠭᠠᠯᠲᠠ᠂ ᠨᠡᠶᠢᠭᠡᠮᠯᠢᠭ᠂ ᠠᠵᠤ ᠠᠬᠤᠶᠢᠯᠠᠯ ᠵᠡᠷᠭᠡ ᠬᠦᠴᠦᠨ ᠤ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠶᠢ | ᠴᠢᠩᠭᠠᠷᠠᠭᠤᠯᠤᠨ᠂ ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ᠂ ᠭᠡᠷ ᠳᠣᠲᠣᠷᠠᠬᠢ ᠵᠢᠭᠠᠨ ᠰᠤᠷᠭᠠᠯᠲᠠ᠂ ᠸᠢᠳᠢᠤ᠋ ᠪᠠᠷ | ᠰᠢᠭᠤᠳ ᠨᠡᠪᠲᠡᠷᠡᠭᠦᠯᠬᠦ᠂ ᠣᠬᠤᠷ ᠸᠢᠳᠢᠤ᠋ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠬᠡᠯᠪᠡᠷᠢ ᠪᠠᠷ | ᠮᠡᠷᠭᠡᠵᠢᠯ ᠤᠨ ᠪᠣᠯᠪᠠᠰᠤᠷᠠᠯ ᠪᠠ ᠵᠢᠯᠤᠭᠤᠳᠬᠤ ᠦᠢᠯᠡᠴᠢᠯᠡᠭᠡ ᠶᠢ ᠦᠷᠨᠢᠭᠦᠯᠬᠦ ᠭᠡᠷᠡᠭᠳᠡᠢ᠃ ᠬᠢᠮᠢ ᠶᠢᠨ ᠪᠣᠷᠳᠣᠭᠤᠷ ᠤᠨ | ᠦᠢᠯᠡᠳᠦᠯ ᠢ ᠰᠢᠨᠵᠢᠯᠡᠬᠦ ᠤᠬᠠᠭᠠᠨᠴᠢ ᠪᠠᠷ ᠲᠠᠨᠢᠬᠤ ᠭᠤᠣᠯ ᠰᠡᠳᠦᠪᠲᠦ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ | ᠡᠯ᠎ᠡ ᠭᠠᠵᠠᠷ ᠤᠨ ᠬᠢᠨ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠤᠷᠤᠭᠤᠯᠬᠤ ᠳᠦᠷᠦ ᠶᠢᠨ ᠪᠣᠳᠣᠯᠭ᠎ᠠ ᠳᠦᠷᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠢ ᠳᠡᠯᠭᠡᠷᠡᠭᠦᠯᠬᠦ ᠵᠡᠷᠭᠡ ᠲᠠᠯ᠎ᠠ ᠪᠠᠷ ᠬᠢ | ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠥᠷᠭᠡᠨ ᠢᠶᠠᠷ ᠴᠤᠭᠯᠠᠭᠤᠯᠵᠤ᠂ ᠤᠬᠠᠭᠤᠯᠭ᠎ᠠ ᠶᠢᠨ ᠸᠢᠳᠢᠤ᠋ ᠪᠤᠶᠤ ᠡᠬᠡ | ᠪᠢᠴᠢᠭ ᠢ ᠪᠦᠷᠢᠯᠳᠦᠭᠦᠯᠵᠦ᠂ ᠲᠧᠯᠸᠢᠰ᠂ ᠷᠠᠳᠢᠣ᠋ ᠨᠡᠪᠲᠡᠷᠡᠭᠦᠯᠭᠡ᠂ ᠸᠧᠴᠠᠲ ᠶᠢᠨ ᠤᠯᠠᠨ ᠨᠡᠶᠢᠲᠡ ᠶᠢᠨ ᠳ᠋ᠤᠭᠠᠷ ᠵᠡᠷᠭᠡ | ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠤᠨ ᠳᠡᠯᠭᠡᠷᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ | ᠨᠢᠭᠡ ᠳᠤ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ | ᠬᠤᠳᠠ ᠡᠭᠦᠷᠭᠡ ᠬᠠᠷᠠᠯᠲᠠ ᠪᠠᠨ ᠲᠦᠷᠭᠡᠬᠡᠨ ᠵᠠᠳᠠᠯᠵᠤ᠂ ᠠᠶᠢᠮᠠᠭ ᠬᠤᠳᠠ ᠶᠢᠨ ᠱᠠᠲᠤᠨ ᠤ ᠬᠡᠷᠡᠭᠵᠢᠭᠦᠯᠬᠦ ᠲᠥᠰᠥᠯ ᠢ | ᠲᠣᠭᠲᠠᠭᠠᠨ ᠨᠠᠷᠢᠯᠢᠭᠵᠢᠭᠤᠯᠵᠤ᠂ ︽ᠭᠤᠷᠪᠠᠨ ᠰᠢᠨ᠎ᠡ︾ ᠶᠢ ᠲᠥᠪᠯᠡᠷᠡᠭᠦᠯᠦᠨ ᠠᠬᠢᠭᠤᠯᠬᠤ ᠰᠢᠶᠠᠨ ᠢ ᠵᠢᠯᠤᠭᠤᠳᠴᠤ | ᠪᠠᠶᠢᠭᠠᠳ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠰᠢᠶᠠᠨ ᠤ ᠱᠠᠲᠤᠨ ᠤ ᠬᠡᠷᠡᠭᠵᠢᠭᠦᠯᠬᠦ | ᠲᠥᠰᠥᠯ ᠢ ᠲᠣᠭᠲᠠᠭᠠᠯᠭᠠᠵᠤ᠂ ᠬᠠᠷᠠᠯᠲᠠ ᠡᠭᠦᠷᠭᠡ ᠶᠢ ᠬᠡᠮᠵᠢᠶᠡᠵᠢᠭᠦᠯᠬᠦ ᠪᠠᠷ ᠱᠠᠭᠠᠷᠳᠠᠵᠤ᠂ ᠬᠡᠷᠡᠭᠵᠢᠭᠦᠯᠬᠦ ᠣᠷᠣᠨ | ᠪᠦᠰᠡ᠂ ᠬᠡᠷᠡᠭᠵᠢᠭᠦᠯᠬᠦ ᠭᠤᠣᠯ ᠴᠣᠭᠴᠠ᠂ ᠮᠡᠷᠭᠡᠵᠢᠯ ᠤᠨ ᠵᠠᠭᠪᠤᠷ ᠵᠡᠷᠭᠡ ᠶᠢ ᠲᠣᠳᠣᠷᠬᠠᠶᠢᠯᠠᠵᠤ᠂ ᠨᠥᠬᠦᠪᠦᠷᠢ ᠥᠭᠬᠦ | ᠪᠠᠷᠢᠮᠵᠢᠶ᠎ᠠ ᠶᠢ ᠲᠣᠭᠲᠠᠭᠠᠨ ᠨᠠᠷᠢᠯᠢᠭᠵᠢᠭᠤᠯᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ | ᠬᠡᠷᠡᠭᠲᠡᠢ᠃ ︽ᠭᠤᠷᠪᠠᠨ ᠰᠢᠨ᠎ᠡ︾ ᠶᠢ ᠲᠥᠪᠯᠡᠷᠡᠭᠦᠯᠦᠨ ᠠᠬᠢᠭᠤᠯᠬᠤ ᠰᠢᠶᠠᠨ ᠤ ᠬᠡᠷᠡᠭᠵᠢᠭᠦᠯᠬᠦ ᠲᠥᠰᠥᠯ ᠢ ᠠᠶᠢᠮᠠᠭ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ | ᠲᠥᠪ ᠲᠤ ᠮᠡᠳᠡᠭᠦᠯᠵᠦ ᠳᠠᠩᠰᠠᠯᠠᠭᠤᠯᠤᠨ᠎ᠠ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠨᠢ ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠵᠤ᠂ ᠤᠷᠢᠳᠠᠪᠠᠷ ᠲᠥᠷᠥᠯ ᠵᠦᠢᠯ ᠤᠨ ᠡᠬᠢ ᠪᠠᠶᠠᠯᠢᠭ ᠢ | ᠨᠢᠭᠡᠨᠲᠡ ᠨᠠᠶᠢᠳᠠᠪᠤᠷᠢᠵᠢᠭᠤᠯᠤᠭᠰᠠᠨ ᠭᠤᠣᠯ ᠴᠣᠭᠴᠠ᠂ ᠭᠠᠵᠠᠷ ᠰᠢᠷᠣᠢ ᠶᠢᠨ ᠭᠠᠵᠠᠷ ᠣᠷᠣᠨ ᠳᠠᠰᠢ ᠬᠡᠯᠪᠡᠶᠢᠯᠭᠡᠬᠦ ᠶᠢᠨ | ᠬᠠᠮᠲᠤ᠂ ᠬᠠᠮᠢᠶ᠎ᠠ ᠪᠦᠬᠦᠢ ᠲᠥᠷᠥᠯ ᠵᠦᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠪᠠᠷᠠᠬᠤ ᠦᠭᠡᠢ᠂ ᠪᠠᠰᠠ | ᠲᠥᠷᠥᠯ ᠵᠦᠢᠯ ᠤᠨ ᠬᠤᠭᠤᠷᠣᠨᠳᠤ ᠪᠠᠨ ᠡᠭᠦᠷᠭᠡ ᠡᠭᠦᠷᠭᠡᠯᠡᠬᠦ ᠭᠤᠣᠯ ᠴᠣᠭᠴᠠ ᠪᠠ ᠭᠠᠵᠠᠷ ᠰᠢᠷᠣᠢ ᠶᠢ | ᠳᠠᠪᠬᠤᠷᠳᠠᠭᠤᠯᠬᠤ ᠠᠴᠠ ᠵᠠᠶᠢᠯᠠᠰᠬᠢᠵᠦ᠂ ︽ᠲᠦᠷᠦᠯ ᠵᠦᠢᠯ ᠢ ᠳᠠᠪᠬᠤᠴᠠᠭᠤᠯᠤᠭᠰᠠᠨ ᠲᠣᠮᠣ ᠡᠷᠦᠬᠡ ᠭᠠᠷᠬᠤ︾ ᠠᠴᠠ | ᠰᠡᠷᠭᠡᠶᠢᠯᠡᠬᠦ ᠬᠡᠷᠡᠭᠲᠡᠢ᠃ ᠬᠤᠶᠠᠷ ᠲᠤ ᠪᠡᠯᠡ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠬᠤ ᠬᠡᠷᠡᠭᠲᠡᠢ᠃ ᠲᠥᠷᠥᠯ | ᠵᠦᠢᠯ ᠤᠨ ᠪᠡᠯᠡ ᠮᠥᠩᠭᠦ ᠶᠢ ᠭᠤᠣᠯᠳᠠᠭᠤ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ | ᠰᠠᠭᠤᠷᠢ ᠠᠵᠢᠯ᠂ ︽ᠭᠤᠷᠪᠠᠨ ᠰᠢᠨ᠎ᠡ︾ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ᠂ ᠰᠢᠷ᠎ᠠ | ᠪᠤᠷᠴᠠᠭ ᠤᠨ ᠦᠨᠳᠦᠰᠦ ᠶᠢᠨ ᠪᠡᠲᠡᠭᠢ ᠶᠢᠨ ᠪᠠᠺᠲ᠋ᠧᠷᠢ ᠶᠢᠨ ᠲᠠᠷᠢᠯᠭ᠎ᠠ᠂ ᠲᠤᠷᠰᠢᠯᠲᠠ ᠶᠢᠨ ᠬᠢᠨᠠᠨ ᠬᠡᠮᠵᠢᠯᠲᠡ᠂ ᠲᠤᠭ᠎ᠠ | ᠪᠠᠷᠢᠮᠲᠠ ᠶᠢ ᠵᠠᠳᠠᠯᠤᠯᠳᠠ ᠭᠡᠷᠡᠭᠯᠡᠯᠳᠡ᠂ ᠰᠢᠮ᠎ᠡ ᠲᠡᠵᠢᠭᠡᠯ ᠤᠨ ᠣᠨᠣᠰᠢᠯᠠᠯᠲᠠ᠂ ᠤᠬᠠᠭᠤᠯᠭ᠎ᠠ ᠪᠣᠯᠪᠠᠰᠤᠷᠠᠯ᠂ | ᠪᠣᠷᠳᠣᠭᠤᠷ ᠤᠨ ᠶᠠᠰᠤ ᠴᠢᠨᠠᠷ ᠤᠨ ᠰᠤᠭᠤᠴᠢᠨ ᠪᠠᠶᠢᠴᠠᠭᠠᠯᠳᠠ ᠵᠡᠷᠭᠡ ᠬᠠᠮᠢᠶ᠎ᠠ ᠪᠦᠬᠦᠢ ᠠᠵᠢᠯ ᠳᠤ ᠬᠡᠷᠡᠭᠯᠡᠨ᠎ᠡ᠃ | ︽ᠭᠤᠷᠪᠠᠨ ᠰᠢᠨ᠎ᠡ︾ ᠶᠢᠨ ᠬᠤᠷᠠᠮᠠᠯ ᠵᠠᠭᠪᠤᠷ ᠢ ᠳᠡᠯᠭᠡᠷᠡᠭᠦᠯᠬᠦ᠂ ︽ᠴᠢᠬᠢ ᠦᠵᠡᠵᠦ ᠪᠣᠷᠳᠣᠭᠤᠷ ᠰᠣᠩᠭᠤᠬᠤ︾ | ᠲᠠᠪᠴᠠᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠰᠡᠬᠦ ᠪᠣᠷᠳᠣᠭᠤᠷ ︵ᠡᠷᠬᠡᠪᠰᠢ ᠪᠣᠷᠳᠣᠭᠤᠷ ᠤᠨ | ᠳᠠᠩᠰᠠᠯᠠᠯᠲᠠ ᠶᠢᠨ ᠦᠨᠡᠮᠯᠡᠯ ᠪᠤᠶᠤ ᠳᠠᠩᠰᠠᠯᠠᠯᠲᠠ ᠶᠢᠨ ᠳ᠋ᠤᠭᠠᠷ ᠣᠯᠬᠤ ᠬᠡᠷᠡᠭᠲᠡᠢ︶᠂ ᠦᠢᠯᠡᠴᠢᠯᠡᠭᠡᠨ ᠤ ᠠᠵᠢᠯ | ᠵᠡᠷᠭᠡ ᠳᠤ ᠵᠣᠬᠢᠰᠲᠠᠢ ᠨᠥᠬᠦᠪᠦᠷᠢ ᠥᠭᠴᠦ ᠪᠣᠯᠣᠨ᠎ᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠬᠡᠷᠡᠭᠯᠡᠵᠦ | ᠪᠣᠯᠬᠤ ᠦᠭᠡᠢ᠃ ᠲᠥᠷᠥᠯ ᠵᠦᠢᠯ ᠤᠨ ᠲᠣᠭᠤᠷᠢᠭ ᠤᠨ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠶᠢ | ᠬᠥᠳᠡᠯᠮᠦᠷᠢ ᠦᠢᠯᠡᠴᠢᠯᠡᠭᠡ ᠳᠤ ᠣᠷᠣᠯᠴᠠᠭᠤᠯᠬᠤ ᠶᠢ ᠵᠣᠷᠢᠭᠵᠢᠭᠤᠯᠵᠤ᠂ ᠲᠠᠷᠢᠶᠠᠴᠢᠨ ᠡᠷᠦᠬᠡ ᠶᠢᠨ ᠣᠷᠣᠯᠭ᠎ᠠ ᠪᠠᠨ | ᠨᠡᠮᠡᠭᠳᠡᠭᠦᠯᠬᠦ ᠵᠠᠮ ᠢ ᠥᠷᠭᠡᠳᠬᠡᠬᠦ ᠬᠡᠷᠡᠭᠲᠡᠢ᠃ ᠭᠤᠷᠪᠠ ᠳᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠢ᠃ ᠲᠠᠷᠢᠶᠠᠴᠢᠨ ᠡᠷᠦᠬᠡ ᠶᠢᠨ ᠪᠣᠷᠳᠣᠭᠤᠷ ᠣᠷᠣᠭᠤᠯᠬᠤ ᠪᠠᠶᠢᠴᠠᠭᠠᠯᠲᠠ ᠵᠡᠷᠭᠡ ᠲᠤᠭ᠎ᠠ ᠪᠠᠷᠢᠮᠲᠠ ᠶᠢ ᠴᠠᠭ | ᠲᠤᠬᠠᠢ ᠳᠤᠨᠢ ᠴᠤᠭᠯᠠᠭᠤᠯᠵᠤ ᠲᠠᠭᠯᠠᠨ ᠮᠡᠳᠡᠭᠦᠯᠵᠦ᠂ ᠡᠯ᠎ᠡ ᠠᠶᠢᠮᠠᠭ ᠬᠤᠲᠠ ᠲᠤᠭ᠎ᠠ ᠪᠠᠷᠢᠮᠲᠠ ᠶᠢᠨ ᠠᠩᠬᠠᠨ ᠤ | ᠬᠢᠨᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠯᠣᠭᠢᠭ ᠤᠨ ᠪᠤᠷᠤᠭᠤᠳᠠᠯ ᠠᠴᠠ ᠵᠠᠶᠢᠯᠠᠰᠬᠢᠬᠦ ᠬᠡᠷᠡᠭᠲᠡᠢ᠃ | ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠷᠠᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ | ᠰᠢᠷᠣᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠳ᠋ᠠᠶᠢᠲ᠋ᠠ ᠶᠢᠨ ᠬᠥᠮᠥᠷᠭᠡ ᠶᠢᠨ ᠬᠡᠷᠡᠭᠯᠡᠭᠡᠨ ᠤ ᠤᠯᠤᠰ ᠤᠨ | ᠮᠡᠳᠡᠭᠡ ᠵᠠᠩᠭᠢ ᠶᠢᠨ ᠠᠮᠤᠷ ᠲᠦᠪᠰᠢᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠪᠤᠰᠤᠳ ᠨᠢᠭᠡᠴᠡ | ᠪᠤᠶᠤ ᠬᠤᠪᠢ ᠬᠥᠮᠥᠨ ᠳᠤ ᠳᠤᠷ᠎ᠠ ᠪᠠᠷ ᠢᠶᠠᠨ ᠬᠠᠩᠭᠠᠵᠤ ᠪᠣᠯᠬᠤ ᠦᠭᠡᠢ᠃ ᠲᠤᠭ᠎ᠠ ᠪᠠᠷᠢᠮᠲᠠ ᠶᠢ ᠳᠡᠭᠡᠭᠰᠢ | ᠮᠡᠳᠡᠭᠦᠯᠦᠭᠰᠡᠨ ᠤ ᠳᠠᠷᠠᠭ᠎ᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠳᠥᠷᠪᠡ ᠳᠤ᠂ ᠲᠦᠷᠦᠯ ᠵᠦᠢᠯ ᠤᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠤᠰᠬᠠᠢ ᠬᠥᠮᠥᠨ ᠢᠶᠠᠷ ᠬᠠᠷᠢᠭᠤᠴᠠᠭᠤᠯᠤᠨ ︽ᠨᠢᠭᠡ ᠰᠠᠷ᠎ᠠ ᠳᠤ ᠨᠢᠭᠡ | ᠤᠳᠠᠭ᠎ᠠ ᠲᠣᠬᠢᠷᠠᠭᠤᠯᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠳᠠᠭᠠᠭᠠᠨ ᠡᠭᠦᠷᠭᠡᠯᠡᠬᠦ | ᠨᠢᠭᠡᠴᠡ ᠶᠢᠨ ᠭᠤᠣᠯ ᠬᠠᠷᠢᠭᠤᠴᠠᠯᠭᠠᠲᠠᠨ ᠢᠶᠠᠷ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠨᠢᠭᠡᠳᠦᠭᠡᠷ | ᠬᠠᠷᠢᠭᠤᠴᠠᠯᠭᠠᠲᠠᠨ ᠪᠣᠯᠭᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠭᠡᠷᠡᠭᠳᠡᠢ᠃ | ᠲᠥᠷᠥᠯ ᠵᠦᠢᠯ ᠤᠨ ᠲᠣᠭᠤᠷᠢᠭ ᠨᠢ ᠪᠣᠳᠠᠲᠠᠢ ᠲᠠᠢ ᠪᠠᠨ ᠤᠶᠠᠯᠳᠤᠭᠤᠯᠤᠨ ᠲᠡᠮᠳᠡᠭ ᠫᠠᠶᠢᠰᠠ ᠪᠤᠰᠬᠠᠵᠤ᠂ ᠠᠷᠪᠢᠯᠠᠨ | ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠬᠠᠭᠤᠴᠢᠨ ᠡᠳ᠋ ᠢ ᠠᠰᠢᠭᠯᠠᠨ᠂ ᠬᠡᠮ ᠬᠡᠮᠵᠢᠶ᠎ᠡ ᠨᠢ ᠲᠣᠬᠢᠷᠠᠮᠵᠢᠲᠠᠢ᠂ | ᠬᠡᠷᠡᠭᠯᠡᠬᠦ ᠪᠠᠷ ᠭᠤᠣᠯ ᠪᠣᠯᠭᠠᠬᠤ ᠬᠡᠷᠡᠭᠲᠡᠢ᠃ ᠡᠯ᠎ᠡ ᠭᠠᠵᠠᠷ ᠤᠨ ᠪᠡᠯᠡ ᠮᠥᠩᠭᠦ ᠪᠠᠭᠤᠯᠭᠠᠨ ᠥᠭᠬᠦ ᠠᠬᠢᠴᠠ ᠶᠢ | ᠡᠭᠦᠷᠭᠡ ᠶᠢᠨ ᠠᠬᠢᠴᠠ ᠲᠠᠢ ᠵᠣᠬᠢᠴᠠᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠯᠵᠢᠭᠦᠯᠦᠨ ᠥᠭᠬᠦ | ᠬᠠᠮᠢᠶᠠᠷᠤᠯᠲᠠ ᠶᠢᠨ ᠲᠠᠪᠴᠠᠩ ᠳᠤ ᠴᠠᠭ ᠲᠤᠬᠠᠢ ᠳᠤᠨᠢ ᠲᠠᠭᠯᠠᠨ ᠮᠡᠳᠡᠭᠦᠯᠵᠦ᠂ ᠪᠡᠯᠡ ᠮᠥᠩᠭᠦ ᠥᠭᠬᠦ ᠠᠬᠢᠴᠠ ᠶᠢ | ᠦᠷᠭᠦᠯᠵᠢᠯᠡᠨ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠢᠴᠢ ᠳᠠᠷᠠᠭ᠎ᠠ ᠨᠢᠭᠡ | ᠵᠢᠯ ᠤᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ | ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ 5 ᠰᠠᠷ᠎ᠠ ᠶᠢᠨ 16 ᠤ | ᠡᠳᠦᠷ ᠠᠴᠠ ᠡᠮᠦᠨ᠎ᠡ ᠬᠡᠷᠡᠭᠵᠢᠭᠦᠯᠬᠦ ᠲᠥᠰᠥᠯ ᠪᠠ ︽ᠭᠤᠷᠪᠠᠨ ᠰᠢᠨ᠎ᠡ︾ ᠶᠢ ᠲᠥᠪᠯᠡᠷᠡᠭᠦᠯᠦᠨ ᠠᠬᠢᠭᠤᠯᠬᠤ ᠰᠢᠶᠠᠨ ᠤ | ᠬᠡᠷᠡᠭᠵᠢᠭᠦᠯᠬᠦ ᠲᠥᠰᠥᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠥᠷᠥᠰᠥ ᠰᠢᠷᠣᠢ ᠪᠣᠷᠳᠣᠭᠤᠷ ᠪᠠ ᠤᠰᠤ ᠠᠷᠪᠢᠯᠠᠬᠤ | ᠲᠠᠷᠢᠶᠠᠯᠠᠩ ᠤᠨ ᠮᠡᠷᠭᠡᠵᠢᠯ ᠤᠨ ᠭᠠᠵᠠᠷ ᠲᠤ ᠬᠠᠭᠤᠯᠤᠨ ᠬᠦᠷᠭᠡᠬᠦ ᠬᠡᠷᠡᠭᠲᠡᠢ᠃ ᠤᠯᠠᠷᠢᠯ ᠪᠦᠷᠢ ᠶᠢᠨ ᠡᠴᠦᠰ ᠲᠤ | ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠵᠦ᠂ 11 ᠰᠠᠷ᠎ᠠ ᠶᠢᠨ 15 ᠤ ᠡᠳᠦᠷ ᠠᠴᠠ ᠡᠮᠦᠨ᠎ᠡ ᠪᠣᠷᠳᠣᠭᠤᠷ | ᠣᠷᠣᠭᠤᠯᠤᠭᠰᠠᠨ ᠪᠠᠶᠢᠳᠠᠯ ᠤᠨ ᠲᠤᠰᠬᠠᠢ ᠰᠡᠳᠦᠪᠲᠦ ᠮᠡᠳᠡᠭᠦᠯᠦᠯᠲᠡ᠂ ᠲᠥᠷᠥᠯ ᠵᠦᠢᠯ ᠤᠨ ᠣᠨ ᠤ ᠳ᠋ᠦᠩᠨᠡᠯᠲᠡ ᠪᠠ | ᠠᠵᠢᠯ ᠤᠨ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | 2025 ᠣᠨ ᠤ 4 ᠰᠠᠷ᠎ᠠ ᠶᠢᠨ 30 ᠤ ᠡᠳᠦᠷ |