| 2025 ᠣᠨ ᠤ ᠴᠢᠬᠤᠯᠠ ᠶᠡᠭᠡ ᠡᠭᠦᠯᠳᠡᠷ ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠶᠢ ᠨᠢᠭᠡ | ᠴᠣᠭᠴᠠᠵᠢᠭᠤᠯᠬᠤ ᠲᠤᠷᠰᠢᠯᠲᠠ ᠶᠢᠨ ᠴᠢᠭ᠋ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠲᠠᠯᠠᠪᠠᠶ ᠪᠠᠷ | ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ᠳᠤᠮᠳᠠᠬᠢ ᠰᠢᠯᠢᠳᠡᠭ ᠡᠭᠦᠯᠳᠡᠷ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠠᠴᠠ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠮᠠᠯ ᠤᠨ ᠴᠢᠬᠤᠯᠠ ᠶᠡᠭᠡ ᠡᠭᠦᠯᠳᠡᠷ ᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ︽ᠰᠠᠶᠢᠨ ᠳᠤᠷ᠎ᠠ᠂ ᠢᠯᠡ᠂ ᠡᠷᠬᠡ ᠲᠡᠭᠰᠢ᠂ ᠰᠢᠯᠢᠳᠡᠭ ᠢ ᠨᠢ ᠰᠣᠩᠭᠤᠬᠤ︾ ᠵᠠᠷᠴᠢᠮ ᠶᠣᠰᠣᠭᠠᠷ᠂ ᠠᠵᠤ ᠠᠬᠤᠶᠢᠯᠠᠯ | ᠦᠪᠡᠰᠦᠪᠡᠨ ᠭᠤᠶᠤᠴᠢᠯᠠᠨ ᠮᠡᠳᠡᠭᠦᠯᠬᠦ᠂ ᠬᠤᠰᠢᠭᠤ ᠰᠢᠶᠠᠨ ᠪᠠ ᠠᠶᠢᠮᠠᠭ ᠬᠤᠲᠠ ᠠᠴᠠ ᠬᠢᠨᠠᠨ ᠬᠠᠷᠭᠤᠭᠤᠯᠵᠤ | ᠪᠠᠲᠤᠯᠠᠨ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ᠂ ᠨᠠᠮ ᠤᠨ ᠤᠳᠤᠷᠢᠳᠬᠤ | ᠳᠤᠭᠤᠶᠢᠯᠠᠩ ᠠᠴᠠ ᠰᠤᠳᠤᠯᠤᠨ ᠬᠢᠨᠠᠨ ᠵᠥᠪᠯᠡᠬᠦ ᠪᠠᠷ ᠳᠡᠮᠵᠢᠨ᠂ ᠡᠳᠦᠭᠡ ᠰᠢᠯᠢᠨ ᠰᠣᠩᠭᠤᠭᠰᠠᠨ ᠡᠭᠦᠯᠳᠡᠷ ᠤᠨ | ᠳᠠᠷᠠᠭᠠᠯᠠᠯ ᠤᠨ ᠦᠷ᠎ᠡ ᠳ᠋ᠦᠩ ᠢ ᠳᠣᠣᠷᠠᠬᠢ ᠮᠡᠲᠦ ᠵᠠᠷᠯᠠᠨ ᠨᠡᠶᠢᠲᠡᠯᠡᠵᠦ ᠪᠠᠶᠢᠨ᠎ᠠ᠃ ᠤᠯᠤᠰ ᠤᠨ 2025 ᠣᠨ ᠤ | ᠲᠤᠷᠰᠢᠯᠲᠠ ᠶᠢᠨ ᠲᠥᠷᠥᠯ ᠵᠦᠢᠯ ᠤᠨ ᠲᠥᠰᠥᠯ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ | ᠲᠥᠰᠥᠯ ᠤᠨ ᠱᠠᠭᠠᠷᠳᠠᠯᠭ᠎ᠠ ᠶᠣᠰᠣᠭᠠᠷ ᠲᠣᠰ ᠤᠳᠠᠭᠠᠨ ᠤ ᠰᠣᠩᠭᠤᠨ ᠣᠷᠣᠭᠤᠯᠤᠭᠰᠠᠨ ᠴᠢᠬᠤᠯᠠ ᠶᠡᠭᠡ ᠡᠭᠦᠯᠳᠡᠷ ᠢ | ᠲᠠᠰ ᠳᠠᠷᠠᠭᠠᠯᠠᠯ ᠢᠶᠠᠷ ᠲᠠᠨᠢᠯᠴᠠᠭᠤᠯᠵᠤ 2025 ᠣᠨ ᠤ ᠲᠤᠷᠰᠢᠯᠲᠠ ᠶᠢᠨ ᠡᠭᠦᠷᠭᠡ ᠶᠢ ᠡᠭᠦᠷᠭᠡᠯᠡᠭᠦᠯᠦᠨ᠎ᠡ᠃ | ᠬᠡᠷᠪᠡ ᠵᠠᠷᠯᠠᠨ ᠨᠡᠶᠢᠲᠡᠯᠡᠬᠦ ᠠᠭᠤᠯᠭ᠎ᠠ ᠳᠤ ᠣᠨᠳᠣᠣ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ | ᠪᠢᠴᠢᠭ ᠤᠨ ᠬᠡᠯᠪᠡᠷᠢ ᠪᠠᠷ ︵ᠦᠨᠡᠨ ᠨᠡᠷ᠎ᠡ ᠪᠠᠷ ᠢᠶᠠᠨ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠲᠤᠰᠬᠠᠵᠤ᠂ ᠲᠤᠰᠬᠠᠭᠰᠠᠨ ᠮᠠᠲ᠋ᠧᠷᠢᠶᠠᠯ ᠢ ᠨᠠᠷᠢᠨ | ᠪᠣᠳᠠᠲᠠᠢ ᠪᠥᠭᠡᠳ ᠬᠠᠷᠢᠯᠴᠠᠬᠤ ᠨᠢᠭᠡᠴᠡ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠢ ᠪᠢᠴᠢᠬᠦ ᠬᠡᠷᠡᠭᠲᠡᠢ᠃ | ᠵᠠᠷᠯᠠᠨ ᠨᠡᠶᠢᠲᠡᠯᠡᠬᠦ ᠬᠤᠭᠤᠴᠠᠭ᠎ᠠ᠄ 2025 ᠣᠨ ᠤ 4 ᠰᠠᠷ᠎ᠠ ᠶᠢᠨ 7 ᠤ ᠡᠳᠦᠷ︱4 ᠰᠠᠷ᠎ᠠ ᠶᠢᠨ 15 ᠤ | ᠡᠳᠦᠷ ᠪᠣᠯᠲᠠᠯ᠎ᠠ | ᠤᠲᠠᠰᠤ᠄ 0471-6651883 | ᠢᠮᠧᠯ᠄ nmgnmtzyc@163.com | | ᠳᠠᠭᠠᠯᠳᠤᠭᠤᠯᠤᠯ᠄ 1.2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠳᠡᠨᠢ | ᠰᠢᠰᠢ ᠶᠢᠨ ᠴᠢᠬᠤᠯᠠ ᠶᠡᠭᠡ ᠡᠭᠦᠯᠳᠡᠷ ᠢ ᠰᠢᠯᠢᠨ ᠰᠣᠩᠭᠤᠭᠰᠠᠨ ᠦᠷ᠎ᠡ ᠳ᠋ᠦᠩ ᠤᠨ ᠬᠤᠷᠢᠶᠠᠩᠭᠤᠢ ᠬᠦᠰᠦᠨᠦᠭᠲᠦ | 2.2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠴᠢᠬᠤᠯᠠ | ᠶᠡᠭᠡ ᠡᠭᠦᠯᠳᠡᠷ ᠢ ᠰᠢᠯᠢᠨ ᠰᠣᠩᠭᠤᠭᠰᠠᠨ ᠦᠷ᠎ᠡ ᠳ᠋ᠦᠩ ᠤᠨ ᠬᠤᠷᠢᠶᠠᠩᠭᠤᠢ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2025 ᠣᠨ ᠤ 4 ᠰᠠᠷ᠎ᠠ ᠶᠢᠨ 7 ᠤ ᠡᠳᠦᠷ | |