ᠬᠥᠳᠡᠭᠡ ᠲᠣᠰᠬᠤᠨ ᠢ ᠬᠥᠭᠵᠢᠭᠦᠯᠦᠨ​ ᠮᠠᠨᠳᠤᠭᠤᠯᠤᠶ᠎ᠠ᠄ ᠡᠯ᠎ᠡ ᠠᠶᠢᠮᠠᠭ ᠬᠤᠳᠠ ᠶᠢᠨ ᠬᠢᠨ 2025 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠵᠤ ᠪᠤᠢ︱ᠠᠯᠠᠱᠠ ᠠᠶᠢᠮᠠᠭ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠠᠰᠤᠷᠠᠯᠲᠠ ᠦᠭᠡᠢ ᠠᠬᠢᠭᠤᠯᠵᠤ ᠲᠠᠬᠢᠨ ᠰᠢᠨ᠎ᠡ ᠳᠡᠭᠲᠡᠷ ᠲᠤ ᠭᠠᠷᠬᠤ ᠪᠠᠷ ᠮᠡᠷᠡᠶᠢᠵᠦ ᠪᠠᠶᠢᠨ᠎ᠠ
ᠨᠡᠶᠢᠲᠡᠯᠡᠭᠰᠡᠨ ᠴᠠᠭ᠄
2025/4/9
      ᠠᠯᠠᠱᠠ ᠠᠶᠢᠮᠠᠭ ︽ᠵᠢᠷᠭᠤᠭᠠᠨ ᠠᠵᠢᠯᠯᠠᠭ᠎ᠠ︾ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︽157︾ ᠶᠢᠨ ᠰᠡᠳᠬᠢᠴᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ︽ᠬᠤᠶᠠᠷ ᠨᠠᠷᠢᠨ ᠲᠠᠩᠰᠠ︾ ︵ᠠᠯᠠᠱᠠ ᠠᠶᠢᠮᠠᠭ ᠤᠨ 2025 ᠣᠨ ᠤ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠡᠭᠦᠷᠭᠡ ᠶᠢᠨ ᠨᠠᠷᠢᠨ ᠲᠠᠩᠰᠠ᠂ 2025 ᠣᠨ ᠤ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠰᠢᠯᠭᠠᠨ ᠬᠢᠨᠠᠬᠤ ᠬᠠᠷᠢᠭᠤᠴᠠᠯᠭ᠎ᠠ ᠶᠢᠨ ᠨᠠᠷᠢᠨ ᠲᠠᠩᠰᠠ︶ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠠᠵᠢᠯ ᠳᠤ ᠰᠢᠨ᠎ᠡ ᠦᠷ᠎ᠡ ᠪᠦᠲᠦᠮᠵᠢ ᠣᠯᠵᠤ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠪᠤᠢ᠃       ᠨᠢᠭᠡ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠎ᠡ᠃ ᠨᠢᠭᠡ ᠳᠤ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠦᠷᠭᠦᠯᠵᠢᠯᠡᠨ ᠲᠣᠭᠲᠠᠪᠤᠷᠢᠵᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠵᠤ᠂ ᠪᠥᠬᠦ ᠠᠶᠢᠮᠠᠭ ᠤᠨ ᠠᠮᠤ ᠪᠤᠳᠠᠭᠠᠨ ᠤ ᠲᠠᠷᠢᠶᠠᠯᠠᠭ᠎ᠠ ᠶᠢᠨ ᠲᠠᠯᠠᠪᠠᠶ ᠶᠢ 24.6 ᠲᠦᠮᠡᠨ ᠮᠦ ᠳᠤ ᠲᠣᠭᠲᠠᠪᠤᠷᠢᠵᠢᠭᠤᠯᠵᠤ᠂ ᠤᠨᠠᠯᠲᠠ ᠶᠢ 2.8 ᠳ᠋ᠦᠩᠰᠢᠭᠤᠷ ᠵᠢᠩ ᠠᠴᠠ ᠳᠣᠣᠷ᠎ᠠ ᠪᠠᠶᠢᠯᠭᠠᠬᠤ ᠦᠭᠡᠢ᠃ 9.34 ᠲᠦᠮᠡᠨ ᠮᠦ ᠶᠢᠨ ᠲᠡᠵᠢᠭᠡᠯ ᠡᠪᠡᠰᠦ ᠳᠠᠷᠢᠬᠤ ᠶᠢ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ 30 ᠲᠦᠮᠡᠨᠲᠣᠨ ᠠᠴᠠ ᠳᠡᠭᠡᠭᠰᠢ ᠲᠡᠵᠢᠭᠡᠯ ᠡᠪᠡᠰᠦ ᠪᠣᠷᠳᠤᠭ᠎ᠠ ᠶᠢ ᠦᠢᠯᠡᠳᠪᠦᠷᠢᠯᠡᠨ ᠪᠣᠯᠪᠠᠰᠤᠷᠠᠭᠤᠯᠤᠨ᠎ᠠ᠃ ᠠᠯᠠᠰᠢᠨ ᠦᠬᠡᠷ ᠠᠯᠠᠰᠢᠨ ᠬᠤᠨᠢ ᠵᠡᠷᠭᠡ ᠮᠠᠯ ᠤᠨ ᠠᠰᠢᠭ ᠰᠢᠮ᠎ᠡ ᠶᠢᠨ ᠭᠠᠷᠤᠯᠲᠠ ᠶᠢ ᠲᠣᠭᠲᠠᠪᠤᠷᠢᠵᠢᠭᠤᠯᠵᠤ᠂ ᠮᠠᠯ ᠠᠵᠤ ᠠᠬᠤᠢ ᠶᠢᠨ ᠣᠨ ᠤ ᠮᠠᠯ ᠤᠨ ᠲᠤᠭ᠎ᠠ ᠲᠣᠯᠣᠭᠠᠢ ᠶᠢ 130 ᠲᠦᠮᠡ ᠣᠷᠴᠢᠮ ᠲᠣᠯᠣᠭᠠᠢ ᠳᠤ ᠲᠣᠭᠲᠠᠪᠤᠷᠢᠵᠢᠭᠤᠯᠵᠤ᠂ ᠰᠠᠭᠠᠯᠢ ᠶᠢᠨ ᠲᠥᠷᠥᠯ ᠤᠨ ᠭᠠᠷᠤᠯᠲᠠ ᠶᠢ 17 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠬᠤᠶᠠᠷ ᠲᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠥᠭᠡᠷᠡᠴᠢᠯᠡᠯᠲᠡ ᠶᠢᠨ ᠳᠦᠷᠢᠮ ᠤᠨ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠭᠠᠩᠳᠠᠭᠰᠠᠨ ᠣᠷᠣᠨ ᠤ ᠬᠤᠵᠢᠷᠯᠢᠭ ᠭᠠᠵᠠᠷ ᠢ ᠰᠠᠶᠢᠵᠢᠷᠠᠭᠤᠯᠬᠤ ᠮᠡᠷᠭᠡᠵᠢᠯ ᠤᠨ ᠰᠦᠪᠡᠭᠴᠢᠯᠡᠯᠲᠡ ᠶᠢ ᠢᠳᠡᠪᠬᠢᠲᠡᠢ ᠠᠬᠢᠭᠤᠯᠵᠤ᠂ ᠲᠠᠷᠢᠶᠠᠨ ᠭᠠᠵᠠᠷ ᠢ ᠡᠭᠡᠯᠵᠢᠯᠡᠨ ᠳᠠᠷᠢᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠵᠡᠷᠭᠡ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢ ᠴᠢᠩᠭᠠᠳᠬᠠᠵᠤ᠂ ᠲᠦᠮᠡᠨ ᠮᠦ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠡᠭᠦᠷᠭᠡ ᠶᠢ ᠪᠡᠶᠡᠯᠡᠭᠦᠯᠦᠨ᠎ᠡ᠃ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠪᠥᠬᠦ ᠭᠤᠷᠪᠠ ᠳᠤ ᠲᠠᠷᠢᠶᠠᠯᠠᠩ ᠤᠨ ᠤᠰᠤ ᠠᠷᠪᠢᠯᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠲᠠᠷᠢᠮᠠᠯ ᠤᠨ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠥᠨᠳᠥᠷ ᠦᠷ᠎ᠡ ᠠᠰᠢᠭ ᠲᠠᠢ ᠲᠥᠬᠦᠭᠡᠷᠥᠮᠵᠢᠲᠦ ᠲᠠᠷᠢᠶᠠᠯᠠᠩ ᠢ ᠢᠳᠡᠪᠬᠢᠲᠡᠢ ᠬᠥᠭᠵᠢᠭᠦᠯᠦᠨ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 45 ᠲᠦᠮᠡᠨ ᠮᠦ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ︽ᠴᠠᠬᠢᠯᠭᠠᠨ ᠢᠶᠠᠷ ᠤᠰᠤ ᠶᠢ ᠨᠤᠭᠤᠯᠬᠤ︾ ᠤᠰᠤ ᠲᠠᠲᠠᠬᠤ ᠶᠢ ᠬᠡᠮᠵᠢᠬᠦ ᠠᠵᠢᠯ ᠢ ᠲᠦᠷᠭᠡᠪᠴᠢᠯᠡᠨ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠤᠰᠤ ᠶᠢ ᠨᠠᠷᠢᠯᠢᠭᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠨᠡ ᠵᠢᠯ ᠲᠠᠬᠢᠭᠠᠳ 100 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤ ᠠᠷᠪᠢᠯᠠᠬᠤ ᠶᠢ ᠦᠨᠡᠨ ᠬᠦ ᠪᠠᠲᠤᠯᠠᠨ᠎ᠠ᠃ ᠳᠥᠷᠪᠡ ᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠲᠤᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠲᠡᠷᠢᠭᠦᠨ ᠤ ᠲᠠᠷᠢᠶᠠᠯᠠᠩ ᠤᠨ ᠮᠠᠰᠢᠨ ᠲᠣᠨᠣᠭᠯᠠᠯ ᠤᠨ ᠬᠡᠷᠡᠭᠯᠡᠯᠲᠡ ᠶᠢ ᠶᠡᠬᠡᠪᠡᠷ ᠳᠡᠯᠭᠡᠷᠡᠭᠦᠯᠵᠦ᠂ ᠬᠠᠭᠤᠴᠢᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠬᠦᠴᠦᠯᠡᠨ ᠠᠬᠢᠭᠤᠯᠵᠤ᠂ ᠪᠥᠬᠦ ᠠᠶᠢᠮᠠᠭ ᠤᠨ ᠲᠠᠷᠢᠮᠠᠯ ᠤᠨ ᠳᠠᠷᠢᠵᠤ ᠬᠤᠷᠢᠶᠠᠬᠤ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠮᠧᠩ ᠺᠧ ᠵᠢᠦᠢ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢ ᠰᠠᠶᠢᠲᠤᠷ ᠬᠡᠷᠡᠭᠯᠡᠨ᠂ ︽ᠮᠧᠩ ᠺᠧ ᠵᠢᠦᠢ︾ ᠴᠠᠭᠠᠨ ᠭᠤᠶᠣᠣ᠂ ᠲᠡᠮᠡᠭᠡᠨ ᠤ ᠬᠦᠷᠢᠶ᠎ᠡ ᠬᠡᠪᠴᠢᠶᠡᠨ ᠳᠠᠬᠢ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠨ᠎ᠡ᠃       ᠬᠤᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂  ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠯ ᠡᠭᠦᠰᠬᠦ ᠦᠭᠡᠢ ᠬᠤᠷᠢᠭ᠎ᠠ ᠱᠤᠭᠤᠮ ᠢ ᠡᠷᠡᠰ ᠰᠠᠬᠢᠨ᠎ᠠ᠃ ᠨᠢᠭᠡ ᠳᠤ ︽ᠭᠤᠷᠪᠠ ᠶᠢ ᠪᠠᠲᠤᠯᠠᠵᠤ ᠨᠢᠭᠡ ᠶᠢ ᠠᠮᠤᠷ ᠲᠦᠪᠰᠢᠨ ᠪᠠᠶᠢᠯᠭᠠᠬᠤ︾ ᠶᠢ ᠪᠣᠳᠠᠲᠠᠶᠢᠵᠢᠭᠤᠯᠤᠨ᠎ᠠ᠃ ᠪᠠᠶᠢᠩᠭᠤᠵᠢᠭᠤᠯᠤᠭᠰᠠᠨ ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠪᠠ ᠰᠤᠷᠭᠠᠨ ᠬᠥᠮᠦᠵᠢᠯ ᠤᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠤᠰᠠᠯᠠᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ ᠶᠢ ᠦᠷᠭᠦᠯᠵᠢᠯᠡᠨ ᠰᠠᠶᠢᠲᠤᠷ ᠬᠢᠵᠦ᠂ ᠣᠷᠣᠨ ᠰᠠᠭᠤᠴᠠ ᠶᠢᠨ ᠠᠮᠤᠷ ᠲᠦᠪᠰᠢᠨ ᠪᠠ  ᠤᠤᠭᠤᠬᠤ ᠤᠰᠤᠨ ᠤ ᠠᠮᠤᠷ ᠲᠦᠪᠰᠢᠨ ᠳᠤ ᠪᠦᠬᠦᠨ ᠢ ᠬᠠᠮᠤᠷᠤᠨ ᠵᠢᠭᠰᠠᠭᠠᠨ ᠪᠠᠶᠢᠴᠠᠭᠠᠵᠤ ᠬᠢᠨᠠᠨ ᠬᠡᠮᠵᠢᠬᠦ ᠶᠢ ᠶᠠᠪᠤᠭᠳᠠᠭᠤᠯᠵᠤ᠂ ᠬᠢᠨᠠᠨ ᠪᠠᠶᠢᠴᠠᠭᠠᠭᠳᠠᠬᠤ ᠡᠲᠡᠭᠡᠳ ᠪᠠ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠮᠠᠯᠵᠢᠬᠤ ᠲᠠᠷᠢᠶᠠᠯᠠᠬᠤ ᠡᠷᠦᠬᠡ ᠶᠢ ᠴᠢᠩᠭ᠎ᠠ ᠠᠩᠬᠠᠷᠴᠤ᠂ ᠢᠯᠭᠠᠨ ᠲᠠᠨᠢᠵᠤ ᠦᠨᠡᠮᠰᠢᠬᠦ᠂ ᠲᠥᠷᠥᠯ ᠬᠤᠪᠢᠶᠠᠨ ᠬᠠᠪᠰᠤᠷᠤᠨ ᠲᠡᠳᠬᠦᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ ᠲᠡᠳᠬᠦᠪᠡᠰᠦ ᠵᠣᠬᠢᠬᠤ ᠶᠢ ᠨᠢ ᠪᠦᠬᠦᠨ ᠢ ᠲᠡᠳᠬᠦᠬᠦ ᠶᠢ ᠪᠡᠶᠡᠯᠡᠭᠦᠯᠦᠨ᠎ᠡ᠃ ᠬᠤᠶᠠᠷ ᠲᠤ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠳ ᠤᠨ ᠣᠷᠣᠯᠭ᠎ᠠ ᠶᠢ ᠠᠬᠢᠭᠤᠯᠬᠤ ᠰᠢᠨ᠎ᠡ ᠨᠡᠮᠡᠭᠳᠡᠯ ᠤᠨ ᠴᠡᠭ ᠢ ᠰᠢᠰᠲ᠋ᠧᠮ ᠲᠠᠢ ᠰᠦᠪᠡᠭᠴᠢᠯᠡᠨ ᠥᠷᠭᠡᠳᠬᠡᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠳᠠᠷᠢᠵᠤ ᠲᠡᠵᠢᠭᠡᠨ ᠦᠷᠡᠵᠢᠭᠦᠯᠬᠦ ᠪᠦᠲᠦᠴᠡ ᠳᠤ ᠲᠣᠬᠢᠷᠠᠭᠤᠯᠤᠯᠲᠠ ᠬᠢᠬᠦ᠂ ᠰᠢᠯᠵᠢᠭᠦᠯᠦᠨ ᠠᠵᠢᠯ ᠣᠯᠭᠤᠬᠤ᠂ ᠭᠠᠳᠠᠭᠰᠢ ᠭᠠᠷᠴᠤ ᠠᠵᠢᠯ ᠬᠢᠬᠦ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠷᠦᠭᠡ ᠳᠤ ᠬᠦᠷᠭᠡᠬᠦ ᠲᠦᠷᠦᠯ ᠤᠨ ᠵᠦᠢᠯᠡᠰ ᠢ ᠬᠥᠭᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠵᠡᠷᠭᠡ ᠪᠦᠲᠦᠭᠡᠨ ᠪᠠᠶᠢᠭᠤᠯᠤᠯᠲᠠ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠮᠠᠯᠴᠢᠨ ᠲᠠᠷᠢᠶᠠᠴᠢᠨ ᠢ ᠥᠷᠭᠡᠨ ᠢᠶᠠᠷ ᠣᠷᠣᠯᠴᠠᠭᠤᠯᠤᠨ᠎ᠠ᠃ ᠬᠠᠮᠲᠤ ᠶᠢᠨ ᠠᠵᠤ ᠠᠬᠤᠢ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠰᠢᠭ ᠲᠤᠰᠠ ᠶᠢ ᠬᠤᠯᠪᠣᠬᠤ᠂ ᠬᠤᠪᠢ ᠣᠷᠣᠭᠤᠯᠵᠤ ᠠᠰᠢᠭ ᠣᠷᠣᠯᠭ᠎ᠠ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠭᠤᠷᠪᠠ ᠳᠤ᠂ ᠪᠦᠬᠦ ᠠᠵᠢᠯᠲᠠᠳ ᠢᠶᠠᠷ ᠢᠶᠠᠨ ᠰᠡᠳᠬᠢᠯ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠬᠦᠴᠦᠯᠡᠨ ᠠᠳᠬᠤᠨ᠎ᠠ᠃ ᠰᠢᠯᠲᠠᠭᠠᠨ ᠢ ᠨᠢ ᠪᠦᠬᠦ ᠲᠠᠯ᠎ᠠ ᠪᠠᠷ ᠵᠠᠳᠠᠯᠵᠤ᠂ ᠠᠰᠠᠭᠤᠳᠠᠯ ᠤᠨ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠪᠠᠭᠤᠷᠠᠢ ᠭᠤᠭᠴᠤᠭ᠎ᠠ ᠶᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠎ᠠ᠃ ᠬᠠᠨᠳᠤᠯᠭᠠᠲᠤ ᠴᠢᠨᠠᠷᠲᠠᠢ ᠪᠠᠷ ᠠᠷᠭ᠎ᠠ ᠬᠡᠮᠵᠢᠶ᠎ᠡ ᠠᠪᠴᠤ᠂ ᠲᠥᠪᠯᠡᠷᠡᠭᠦᠯᠦᠨ ᠬᠦᠴᠦᠯᠡᠵᠦ᠂ ᠪᠠᠶᠢᠩᠭᠤ ᠶᠢᠨ ᠴᠢᠨᠠᠷᠲᠠᠢ ᠪᠠᠷ ᠡᠷᠦᠬᠡ ᠳᠤ ᠬᠦᠷᠴᠦ ᠠᠵᠢᠯ ᠢᠶᠠᠨ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠢᠭᠤᠷᠲᠠᠨ ᠥᠷᠨᠢᠭᠦᠯᠵᠦ᠂ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠪᠤᠳᠤᠵᠤ᠂ ᠣᠯᠠᠨ ᠲᠦᠮᠡᠨ ᠤ ᠬᠦᠴᠢᠷᠳᠡᠯ ᠲᠠᠢ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ ᠥᠭᠭᠦᠨ᠎ᠡ᠃ ᠳᠥᠷᠪᠡ ᠳᠤ ᠬᠠᠪᠰᠤᠷᠤᠨ ᠲᠡᠳᠬᠦᠬᠦ ᠵᠦᠢᠯᠡᠰ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠬᠡᠨ ᠤ ᠲᠥᠷᠥᠯ ᠵᠦᠢᠯ ᠪᠣᠯ ᠬᠡᠨ ᠬᠠᠮᠢᠶᠠᠷᠬᠤ︾ ᠶᠢ ᠪᠠᠷᠢᠮᠲᠠᠯᠠᠵᠤ᠂ ᠡᠳ᠋ ᠬᠥᠷᠥᠩᠭᠡ ᠶᠢᠨ ᠪᠦᠷᠢᠯᠳᠦᠬᠦ᠂ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ᠂ ᠬᠠᠮᠢᠶᠠᠷᠴᠤ ᠬᠠᠮᠠᠭᠠᠯᠠᠨ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠪᠥᠬᠦ ᠶᠠᠪᠤᠴᠠ ᠶᠢᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠰᠤᠯᠠ ᠪᠠᠶᠢᠭ᠎ᠠ ᠦᠷ᠎ᠡ ᠠᠰᠢᠭ ᠢᠶᠠᠷ ᠳᠣᠣᠷ᠎ᠠ ᠡᠳ᠋ ᠬᠥᠷᠥᠩᠭᠡ ᠶᠢᠨ ᠲᠥᠷᠥᠯ ᠵᠦᠢᠯ ᠢ ᠴᠢᠯᠦᠭᠡᠲᠡᠢ ᠪᠣᠯᠭᠠᠬᠤ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃       ᠭᠤᠷᠪᠠ᠂ ᠤᠳᠤ ᠦᠶ᠎ᠡ ᠶᠢᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ  ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠎ᠡ᠃ ᠨᠢᠭᠡ ᠳᠤ ᠲᠡᠮᠡᠭᠡ ᠵᠡᠷᠭᠡ ᠳᠠᠪᠠᠭᠤᠯᠢᠭ ᠣᠨᠴᠠᠯᠢᠭᠲᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠲᠡᠮᠡᠭᠡ ᠵᠡᠷᠭᠡ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ ᠬᠦᠴᠦᠯᠡᠨ ᠪᠣᠶ ᠪᠣᠯᠭᠠᠵᠤ᠂ ᠠᠯᠠᠱᠠ ᠵᠡᠭᠦᠨ ᠬᠤᠰᠢᠭᠤᠨ ᠤ ᠴᠠᠭᠠᠨ ᠭᠤᠶᠣᠣ᠂  ᠰᠦᠸᠧ ᠶᠠᠩ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠡᠵᠡᠨ᠎ᠡ ᠬᠤᠰᠢᠭᠤᠨ ᠤ ᠪᠠᠯᠲᠤ ᠬᠡᠮᠬᠡ ᠶᠢᠨ ᠠᠵᠤ ᠦᠢᠯᠡᠰ ᠵᠡᠷᠭᠡ ᠠᠵᠤ ᠦᠶᠢᠯᠡᠰᠵᠢᠯᠲᠡ ᠶᠢᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠨᠢᠭᠡ ᠪᠦᠯᠦᠭ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠨᠥᠬᠦᠪᠦᠷᠢᠯᠡᠬᠦ᠂ ᠬᠡᠯᠬᠢᠶᠡᠵᠢᠯ ᠢ ᠴᠢᠩᠭᠠᠳᠬᠠᠬᠤ ᠲᠥᠷᠥᠯ ᠵᠦᠢᠯ ᠢ ᠨᠠᠷᠢᠯᠢᠭ ᠣᠨᠣᠴᠠᠲᠠᠢ ᠪᠠᠷ ᠣᠷᠣᠭᠤᠯᠤᠨ ᠠᠪᠴᠢᠷᠠᠵᠤ᠂ ᠳᠠᠪᠠᠭᠤᠯᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 79% ᠠᠴᠠ ᠳᠡᠭᠡᠭᠰᠢ ᠳᠤ ᠬᠦᠷᠦᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ ᠢ 2.5᠄ 1 ᠠᠴᠠ ᠳᠡᠭᠡᠭᠰᠢ ᠳᠤ ᠬᠦᠷᠦᠭᠦᠯᠦᠨ᠎ᠡ᠃ ᠬᠤᠶᠠᠷ ᠲᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠦᠴᠦᠯᠡᠨ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 55 ᠡᠷᠦᠬᠡ ᠠᠴᠠ ᠳᠡᠭᠡᠭᠰᠢ ᠲᠣᠭᠲᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ 25 ᠡᠷᠦᠬᠡ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠪᠣᠷᠣᠯᠠᠭᠤᠯᠤᠯᠲᠠ ᠶᠢᠨ ᠣᠷᠣᠯᠭ᠎ᠠ ᠶᠢ 20 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠲᠥᠪᠯᠡᠷᠡᠨ ᠵᠠᠯᠭᠠᠯᠳᠤᠭᠰᠠᠨ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ᠂ ᠪᠥᠬᠦ ᠶᠠᠪᠤᠴᠠ ᠳᠤ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠳᠡᠮᠵᠢᠨ᠎ᠡ᠃ ᠰᠢᠨ᠎ᠡ ᠪᠠᠷ 40 ᠭᠠᠴᠠᠭ᠎ᠠ ᠲᠣᠰᠬᠤᠨ ᠳᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠭᠤᠷᠪᠠ ᠳᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠡᠷᠡᠭᠵᠢᠬᠦᠯᠦᠨ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠠᠯᠠᠱᠠ ᠲᠡᠮᠡᠭᠡᠨ ᠰᠦ︾ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠪᠣᠶ ᠪᠣᠯᠭᠠᠵᠤ᠂ ᠨᠢᠭᠡ ᠪᠦᠯᠦᠭ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠡᠵᠡᠩᠨᠡᠯᠲᠡ ᠶᠢᠨ ᠳᠡᠯᠭᠡᠭᠦᠷ ᠢ ᠬᠦᠴᠦᠯᠡᠨ ᠪᠠᠶᠢᠭᠤᠯᠵᠤ᠂ ᠪᠣᠬᠢᠷᠲᠤᠯ ᠦᠭᠡᠢ᠂ ᠣᠷᠭᠠᠨᠢᠭ ᠪᠦᠲᠦᠭᠡᠭᠳᠡᠬᠦᠨ 4᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 2 ᠰᠢᠨ᠎ᠡ ᠪᠠᠷ ᠪᠣᠶᠢᠵᠢᠭᠤᠯᠤᠨ᠎ᠠ᠃       ᠳᠥᠷᠪᠡ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ ᠶᠢ ᠲᠥᠷᠥᠯ ᠬᠤᠪᠢᠶᠠᠨ ᠠᠬᠢᠭᠤᠯᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ᠶᠢ ᠭᠦᠨᠵᠡᠭᠡᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠤᠨ᠎ᠠ᠃ ᠬᠤᠶᠠᠷ ᠲᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠦᠨᠳᠦᠰᠦᠨ ᠱᠠᠲᠤᠨ ᠤ ᠠᠵᠢᠯ ᠳᠤ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ ᠶᠢ ᠴᠢᠩᠭ᠎ᠠ ᠲᠣᠮᠢᠯᠠᠨ ᠰᠠᠶᠢᠲᠤᠷ ᠬᠡᠷᠡᠭᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠤᠯᠠᠨ ᠲᠦᠮᠡᠨ ᠤ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠥᠮ ᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃       ᠲᠠᠪᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠡᠭᠦᠷᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠨᠡᠨᠬᠦ ᠬᠥᠭᠵᠢᠭᠡᠨ᠎ᠡ᠃ ᠨᠢᠭᠡ ᠳᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ᠶᠡᠭᠡ ᠶᠢ ᠨᠢ ᠲᠣᠭᠲᠠᠭᠤᠨ ᠪᠠᠶᠢᠯᠭᠠᠵᠤ᠂ ᠪᠠᠭ᠎ᠠ ᠶᠢ ᠨᠢ ᠲᠣᠬᠢᠷᠠᠭᠤᠯᠬᠤ︾ ᠵᠠᠷᠴᠢᠮ ᠢ ᠪᠠᠷᠢᠮᠲᠠᠯᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠯᠡᠵᠦ ᠪᠠᠶᠢᠭᠠᠳ ᠭᠠᠵᠠᠷ ᠦᠭᠡᠢ ᠭᠠᠵᠠᠷ ᠪᠠᠭ᠎ᠠ ᠬᠦᠴᠢᠷᠳᠡᠯ ᠲᠠᠢ ᠤᠯᠠᠨ ᠲᠦᠮᠡᠨ ᠤ ᠡᠷᠬᠡ ᠠᠰᠢᠭ ᠢ ᠬᠠᠮᠠᠭᠠᠯᠠᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠠᠳᠬᠤᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠢᠨᠠᠮᠠᠭᠠᠢ ᠡᠮᠬᠢᠯᠡᠨ ᠰᠢᠢᠳᠪᠦᠷᠢᠯᠡᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠠᠵᠢᠯ ᠢ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠥᠷᠨᠢᠭᠦᠯᠦᠨ᠎ᠡ᠃ ᠬᠤᠶᠠᠷ ᠲᠤ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠨ᠎ᠡ᠃ ᠨᠤᠲᠤᠭ ᠪᠡᠯᠴᠢᠭᠡᠷ ᠲᠤ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢᠨ ︽ᠳᠣᠬᠢᠭᠤᠷ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠨ᠎ᠡ᠃ ᠦᠨᠳᠦᠰᠦ ᠠᠴᠠ ᠨᠢ ᠵᠠᠰᠠᠬᠤ ᠠᠷᠭ᠎ᠠ ᠪᠣᠳᠣᠯᠭ᠎ᠠ ᠶᠢ ᠴᠢᠩᠭᠠᠷᠠᠭᠤᠯᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠮᠠᠯᠵᠢᠬᠤ ᠣᠷᠣᠨ ᠤ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ᠂ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠬᠠᠭᠠᠰ ᠬᠠᠰᠢᠶᠠᠯᠠᠨ ᠲᠡᠵᠢᠭᠡᠵᠦ ᠦᠷᠡᠵᠢᠭᠦᠯᠬᠦ ᠵᠠᠭᠪᠤᠷ ᠢ ᠰᠦᠪᠡᠭᠴᠢᠯᠡᠵᠦ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map