| ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠯᠥᠨ ᠪᠤᠶᠢᠷ ᠤᠨ ᠲᠠᠷᠢᠶᠠᠯᠠᠩ ᠤᠨ | ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠢᠩᠭᠠᠨ ᠠᠶᠢᠮᠠᠭ ᠤᠨ ᠲᠠᠷᠢᠶᠠᠯᠠᠩ ᠤᠨ ᠠᠲᠠᠷ | ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠠᠲᠠᠷ | ᠬᠠᠭᠠᠯᠪᠤᠷᠢᠯᠠᠯᠲᠠ ᠶᠢᠨ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠳᠤ᠄ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠮᠤ ᠪᠤᠳᠠᠭ᠎ᠠ ᠳᠤᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠠᠮᠤ ᠪᠤᠳᠠᠭ᠎ᠠ ᠳᠤᠰᠤᠨ ᠤ ᠬᠡᠪᠴᠢᠶᠡᠲᠦ | ᠲᠠᠷᠢᠮᠠᠯ ᠤᠨ ᠭᠤᠣᠯ ᠴᠣᠭᠴᠠ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠠᠮᠤ ᠪᠤᠳᠠᠭ᠎ᠠ ᠳᠤᠰᠤᠨ ᠤ ᠲᠠᠯᠠᠪᠠᠢ | ᠨᠢᠭᠡᠴᠢ ᠶᠢᠨ ᠤᠨᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠨᠡ ᠵᠢᠯ ᠠᠮᠤ ᠳᠤᠰᠤᠨ ᠤ | ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠦᠷᠦᠯ | ᠵᠦᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠶᠢ ᠡᠭᠦᠳᠬᠦ ᠵᠣᠬᠢᠶᠠᠨ ᠪᠠᠶᠢᠭᠤᠯᠤᠯᠲᠠ ᠶᠢᠨ | ᠲᠠᠯ᠎ᠠ ᠶᠢᠨ ᠬᠢᠨ ᠤ ᠬᠤᠷᠠᠮᠠᠯ ᠲᠠᠷᠢᠮᠠᠯ ᠤᠨ ᠵᠠᠭᠪᠤᠷ ᠢ ᠳᠡᠮᠵᠢᠵᠦ᠂ ᠬᠥᠲᠥᠯᠥᠨ ᠳᠠᠭᠠᠭᠤᠯᠵᠤ ᠳᠠᠶᠢᠴᠢᠯᠠᠬᠤ ᠶᠢ | ᠴᠢᠩᠭᠠᠳᠬᠠᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠪᠣᠯᠣᠨ | ᠬᠠᠷᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠳᠦᠭᠡ ︽2025 | ᠣᠨ ᠤ ᠠᠮᠤ ᠲᠣᠰᠣᠨ ᠤ ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠢ᠃ | | 2025 ᠣᠨ ᠤ ᠠᠮᠤ ᠲᠣᠰᠣᠨ ᠤ ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢᠨ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ | ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ︿2025 ᠣᠨ ᠤ ᠠᠮᠤ ᠲᠣᠰᠣᠨ ᠤ | ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ | ᠵᠦᠢᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ | ᠲᠠᠷᠢᠶᠠᠯᠠᠩ ﹇2025﹈ 15 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠷᠳᠡᠨᠢ ᠰᠢᠰᠢ᠂ | ᠰᠢᠷ᠎ᠠ ᠪᠤᠷᠴᠠᠭ᠂ ᠪᠤᠭᠤᠳᠠᠢ᠂ ᠰᠢᠯᠢᠮᠳᠡᠭ ᠵᠡᠷᠭᠡ ᠭᠤᠣᠯ ᠪᠣᠯᠬᠤ ᠠᠮᠤ ᠳᠤᠰᠤᠨ ᠤ ᠲᠠᠷᠢᠮᠠᠯ ᠤᠨ ᠲᠣᠭᠤᠷᠢᠨ ᠳᠤ᠂ | ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠪᠦᠬᠦᠯᠢ ᠪᠠᠶᠢᠭᠤᠯᠤᠯ ᠤᠨ ᠳᠦᠷᠢᠮ ᠢᠶᠠᠷ | ᠠᠬᠢᠭᠤᠯᠬᠤ ᠰᠢᠶᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠳᠤᠰᠤᠨ ᠤ ᠬᠡᠪᠴᠢᠶᠡᠲᠦ ᠲᠠᠷᠢᠮᠠᠯ ᠤᠨ ᠭᠤᠣᠯ | ᠴᠣᠭᠴᠠ ᠶᠢᠨ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠳᠡᠮᠵᠢᠵᠦ᠂ ᠥᠨᠳᠥᠷ | ᠤᠨᠠᠯᠲᠠ ᠶᠢᠨ ᠵᠠᠭᠪᠤᠷ ᠢ ᠬᠤᠷᠠᠮᠳᠤᠭᠤᠯᠵᠤ᠂ ᠤᠨᠠᠯᠲᠠ ᠪᠠᠨ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠬᠥᠲᠥᠯᠥᠨ ᠳᠠᠭᠠᠭᠤᠯᠵᠤ ᠳᠠᠶᠢᠴᠢᠯᠠᠬᠤ ᠶᠢ ᠴᠢᠩᠭᠠᠳᠬᠠᠵᠤ᠂ ᠠᠮᠤ ᠳᠤᠰᠤᠨ ᠤ ᠲᠠᠯᠠᠪᠠᠢ ᠨᠢᠭᠡᠴᠢ ᠶᠢᠨ ᠤᠨᠠᠯᠲᠠ ᠶᠢᠨ | ᠲᠦᠪᠰᠢᠨ ᠤ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠤᠨ᠎ᠠ᠃ ᠡᠳᠦᠭᠡ ᠲᠣᠭᠲᠠᠭᠠᠭᠰᠠᠨ ᠲᠥᠰᠥᠯ ᠨᠢ ᠳᠣᠣᠷᠠᠬᠢ | ᠮᠡᠲᠦ᠄ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ | ᠪᠦᠬᠦ ᠲᠠᠯ᠎ᠠ ᠪᠠᠷ ᠪᠠᠬᠢᠵᠢᠭᠦᠯᠬᠦ ᠶᠢᠨ ᠲᠣᠭᠤᠷᠢᠨ ᠳᠤ᠂ ᠠᠮᠤ ᠲᠣᠰᠣᠨ ᠤ ᠬᠡᠪᠴᠢᠶᠡᠲᠦ ᠲᠠᠷᠢᠮᠠᠯ ᠤᠨ ᠭᠤᠣᠯ ᠴᠣᠭᠴᠠ | ᠭᠡᠬᠦ ᠡᠨᠡᠬᠦ ᠵᠠᠩᠭᠢᠯᠠᠭ᠎ᠠ ᠶᠢ ᠳᠣᠪᠤᠶᠢᠯᠭᠠᠵᠤ᠂ ᠲᠠᠷᠢᠮᠠᠯ ᠤᠨ ᠭᠤᠣᠯ ᠴᠣᠭᠴᠠ ᠶᠢᠨ ᠵᠣᠬᠢᠶᠠᠨ ᠪᠠᠶᠢᠭᠤᠯᠤᠯᠲᠠ ᠶᠢᠨ | ᠠᠷᠭ᠎ᠠ ᠬᠡᠯᠪᠡᠷᠢ ᠪᠠᠨ ᠰᠢᠯᠢᠳᠡᠭᠵᠢᠭᠦᠯᠬᠦ ᠶᠢ ᠳᠡᠮᠵᠢᠵᠦ᠂ ᠲᠡᠷᠢᠭᠦᠨ ᠤ ᠮᠡᠷᠭᠡᠵᠢᠯ ᠢ ᠬᠡᠷᠡᠭᠯᠡᠵᠦ᠂ ᠲᠠᠷᠢᠶ᠎ᠠ ᠦᠷ᠎ᠡ | ᠪᠣᠷᠳᠣᠭᠤᠷ ᠡᠮ ᠤᠨ ᠡᠯ᠎ᠡ ᠡᠯᠧᠮᠧᠨ᠋ᠲ᠂ ᠲᠠᠷᠢᠶᠠᠯᠠᠵᠤ ᠬᠠᠮᠢᠶᠠᠷᠴᠤ ᠬᠤᠷᠢᠶᠠᠬᠤ ᠡᠯ᠎ᠡ ᠭᠤᠭᠴᠤᠭ᠎ᠠ ᠶᠢᠨ ᠭᠠᠷᠤᠯᠲᠠ ᠶᠢ | ᠨᠡᠮᠡᠭᠳᠡᠭᠦᠯᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠭᠤᠣᠯ ᠪᠣᠯᠬᠤ ᠠᠮᠤ ᠪᠤᠳᠠᠭ᠎ᠠ ᠳᠤᠰᠤᠨ ᠤ ᠲᠠᠷᠢᠮᠠᠯ ᠤᠨ | ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠶᠢᠵᠢᠭᠤᠯᠬᠤ ᠨᠤᠷᠮ᠎ᠠ ᠪᠠ ᠬᠠᠮᠤᠷᠬᠤ ᠬᠡᠪᠴᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ | ᠲᠤᠰᠬᠠᠢ ᠮᠡᠷᠭᠡᠵᠢᠯᠲᠡᠨ ᠠᠴᠠ ᠤᠨᠠᠯᠲᠠ ᠶᠢ ᠲᠠᠷᠢᠶᠠᠴᠢᠨ ᠤ ᠤᠨᠠᠯᠲᠠ ᠶᠢᠨ ᠬᠡᠮᠵᠢᠶ᠎ᠡ ᠪᠣᠯᠭᠠᠨ ᠬᠤᠪᠢᠷᠠᠭᠤᠯᠵᠤ᠂ | ᠨᠡᠶᠢᠲᠡᠯᠢᠭ ᠤᠨᠠᠯᠲᠠ ᠶᠢᠨ ᠬᠡᠮᠵᠢᠶ᠎ᠡ ᠶᠢ ᠶᠡᠭᠡ ᠲᠠᠷᠢᠶᠠᠨ ᠭᠠᠵᠠᠷ ᠤᠨ ᠤᠨᠠᠯᠲᠠ ᠶᠢᠨ ᠬᠡᠮᠵᠢᠶ᠎ᠡ ᠪᠣᠯᠭᠠᠨ | ᠬᠤᠪᠢᠷᠠᠭᠤᠯᠵᠤ᠂ ᠶᠡᠭᠡ ᠬᠡᠪᠴᠢᠶ᠎ᠡ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠨᠡᠩ ᠰᠠᠶᠢᠲᠤᠷ ᠬᠥᠲᠥᠯᠥᠨ ᠳᠠᠭᠠᠭᠤᠯᠵᠤ᠂ | ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠬᠤᠶᠠᠷ᠂ ᠮᠡᠷᠭᠡᠵᠢᠯ ᠤᠨ ᠠᠷᠭ᠎ᠠ ᠵᠠᠮ | ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠰᠢᠯᠢᠮᠳᠡᠭ ᠢ ᠡᠩ ᠲᠡᠷᠢᠭᠦᠨ ᠳᠤ ᠳᠡᠮᠵᠢᠵᠦ᠂ ᠤᠰᠤᠨ | ᠲᠤᠲᠤᠷᠭ᠎ᠠ᠂ ᠲᠥᠮᠥᠰᠥ᠂ ᠨᠡᠷᠡᠨ ᠬᠤᠸᠠᠷ᠂ ᠬᠤᠯᠢᠮᠠᠭ ᠠᠮᠤ ᠬᠤᠯᠢᠮᠠᠭ ᠪᠤᠷᠴᠠᠭ ᠪᠠ ᠣᠨᠴᠠᠯᠢᠭᠲᠤ ᠲᠠᠷᠢᠮᠠᠯ ᠵᠡᠷᠭᠡ ᠶᠢ | ᠬᠠᠮᠲᠤ ᠳᠤᠨᠢ ᠬᠠᠷᠠᠭᠠᠯᠵᠠᠵᠤ᠂ ᠪᠣᠳᠠᠲᠠᠢ ᠲᠠᠷᠢᠮᠠᠯ ᠤᠨ ᠲᠥᠷᠥᠯ ᠵᠦᠢᠯ ᠢ ᠡᠯ᠎ᠡ ᠠᠶᠢᠮᠠᠭ ᠬᠤᠲᠠ ᠠᠴᠠ ᠲᠣᠰ | ᠭᠠᠵᠠᠷ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠲᠣᠭᠲᠠᠭᠠᠨ᠎ᠠ᠃ | ︵ᠨᠢᠭᠡ︶ ᠡᠷᠳᠡᠨᠢ ᠰᠢᠰᠢ᠃ ᠨᠢᠭᠲᠠ ᠳᠤ ᠳᠠᠭᠠᠭᠠᠮᠠᠭᠠᠢ᠂ ᠨᠠᠯᠠᠨ ᠤᠨᠠᠬᠤ ᠶᠢ ᠳᠠᠭᠠᠭᠠᠬᠤ᠂ ᠮᠠᠰᠢᠨ ᠢᠶᠠᠷ | ᠬᠤᠷᠢᠶᠠᠬᠤ ᠳᠤ ᠲᠣᠬᠢᠷᠠᠮᠵᠢᠲᠠᠢ ᠴᠢᠨᠠᠷ ᠰᠠᠶᠢᠲᠠᠢ ᠥᠨᠳᠥᠷ ᠤᠨᠠᠯᠲᠠ ᠲᠠᠢ ᠲᠥᠷᠥᠯ ᠵᠦᠢᠯ ᠢ ᠳᠡᠯᠭᠡᠷᠡᠭᠦᠯᠦᠨ | ᠬᠡᠷᠡᠭᠯᠡᠨ᠎ᠡ︔ ᠭᠠᠵᠠᠷ ᠰᠢᠷᠣᠢ ᠶᠢ ᠨᠠᠷᠢᠯᠢᠭ ᠲᠡᠭᠰᠢᠯᠡᠬᠦ᠂ ᠨᠠᠷᠢᠯᠢᠭ ᠣᠨᠣᠴᠠᠲᠠᠢ ᠪᠠᠭᠯᠠᠬᠤ᠂ ᠵᠠᠮᠴᠢᠯᠠᠨ ᠨᠠᠷᠢᠯᠢᠭ ᠳᠠᠷᠢᠬᠤ᠂ | ᠨᠠᠷᠢᠯᠢᠭ ᠣᠨᠣᠴᠠᠲᠠᠢ ᠪᠠᠷ ᠤᠰᠤ ᠪᠣᠷᠳᠣᠭᠤᠷ ᠢ ᠬᠠᠮᠢᠶᠠᠷᠬᠤ᠂ ᠨᠠᠷᠢᠯᠢᠭ ᠣᠨᠣᠴᠠᠲᠠᠢ ᠪᠠᠷ ᠬᠢᠮᠢ ᠶᠢᠨ ᠲᠣᠬᠢᠷᠠᠭᠤᠯᠤᠯ | ᠡᠵᠡᠮᠳᠡᠯ ᠬᠢᠬᠦ᠂ ᠨᠠᠷᠢᠯᠢᠭ ᠣᠨᠣᠴᠠᠲᠠᠢ ᠪᠠᠷ ᠡᠪᠡᠳᠴᠢᠨ ᠬᠤᠷᠣᠬᠠᠢ ᠡᠪᠡᠰᠦᠨ ᠤ ᠬᠥᠨᠥᠭᠡᠯ ᠢ ᠰᠡᠷᠭᠡᠶᠢᠯᠡᠨ ᠵᠠᠰᠠᠬᠤ᠂ | ᠮᠠᠰᠢᠨ ᠢᠶᠠᠷ ᠬᠤᠬᠢᠷᠠᠯ ᠢ ᠪᠠᠭᠠᠰᠬᠠᠵᠤ ᠬᠤᠷᠢᠶᠠᠯᠲᠠ ᠠᠪᠬᠤ ᠵᠡᠷᠭᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠢᠵᠢ | ᠪᠦᠷᠢᠳᠦᠭᠦᠯᠦᠨ᠎ᠡ︔ ᠨᠢᠭᠲᠠ ᠲᠠᠷᠢᠵᠦ ᠨᠠᠷᠢᠯᠢᠭ ᠣᠨᠣᠴᠠᠲᠠᠢ ᠪᠠᠷ ᠥᠨᠳᠥᠷ ᠤᠨᠠᠯᠲᠠ ᠶᠢ ᠲᠣᠬᠢᠷᠠᠭᠤᠯᠤᠨ ᠡᠵᠡᠮᠳᠡᠬᠦ᠂ | ᠪᠦᠷᠬᠦᠭᠦᠯ ᠦᠭᠡᠢ ᠪᠠᠷ ᠭᠦᠢᠬᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ | ᠪᠦᠬᠦ ᠪᠦᠷᠬᠦᠭᠦᠯ ᠢ ᠬᠤᠴᠢᠵᠤ ᠬᠤᠣᠰ ᠳᠠᠯᠠᠩ ᠤᠨ ᠭᠤᠤ ᠪᠠᠷ ᠲᠠᠷᠢᠬᠤ᠂ ᠲᠣᠮᠣ ᠳᠠᠯᠠᠩ ᠢ ᠬᠤᠶᠠᠷ ᠲᠠᠯ᠎ᠠ ᠪᠠᠷ | ᠶᠠᠪᠤᠭᠤᠯᠬᠤ ᠵᠡᠷᠭᠡ ᠥᠨᠳᠥᠷ ᠪᠦᠲᠦᠮᠵᠢᠲᠡᠶ ᠲᠠᠷᠢᠵᠤ ᠪᠣᠶᠢᠵᠢᠭᠤᠯᠬᠤ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ | ᠳᠡᠯᠭᠡᠷᠡᠭᠦᠯᠦᠨ᠎ᠡ᠃ | ︵ᠬᠤᠶᠠᠷ︶ ᠰᠢᠷ᠎ᠠ ᠪᠤᠷᠴᠠᠭ᠃ ᠨᠢᠭᠲᠠ ᠳᠤ ᠳᠠᠭᠠᠭᠠᠮᠠᠭᠠᠢ᠂ ᠡᠪᠡᠳᠴᠢᠨ ᠬᠤᠷᠣᠬᠠᠢ ᠶᠢ ᠡᠰᠡᠷᠭᠦᠴᠡᠬᠦ᠂ | ᠮᠠᠰᠢᠨ ᠢᠶᠠᠷ ᠬᠤᠷᠢᠶᠠᠬᠤ ᠳᠤ ᠲᠣᠬᠢᠷᠠᠮᠵᠢᠲᠠᠢ ᠲᠣᠰᠣ ᠶᠡᠬᠡᠲᠡᠢ ᠥᠨᠳᠥᠷ ᠭᠠᠷᠤᠯᠲᠠ ᠲᠠᠢ ᠪᠠ ᠤᠭᠤᠷᠠᠭ ᠶᠡᠬᠡᠲᠡᠢ | ᠥᠨᠳᠥᠷ ᠭᠠᠷᠤᠯᠲᠠ ᠲᠠᠢ ᠲᠦᠷᠦᠯ ᠵᠦᠢᠯ ᠢ ᠳᠡᠯᠭᠡᠷᠡᠭᠦᠯᠦᠨ ᠬᠡᠷᠡᠭᠯᠡᠨ᠎ᠡ︔ ᠵᠣᠬᠢᠰᠲᠠᠢ ᠡᠭᠡᠯᠵᠢᠯᠡᠨ ᠳᠠᠷᠢᠬᠤ᠂ ᠭᠠᠵᠠᠷ | ᠰᠢᠷᠣᠢ ᠶᠢ ᠨᠠᠷᠢᠯᠢᠭ ᠲᠡᠭᠰᠢᠯᠡᠬᠦ᠂ ᠶᠡᠭᠡ ᠳᠠᠯᠠᠩ ᠢᠶᠠᠷ ᠨᠢᠭᠲᠠ ᠳᠠᠷᠢᠬᠤ᠂ ᠦᠷ᠎ᠡ ᠪᠠᠭᠯᠠᠬᠤ᠂ ᠦᠨᠳᠦᠰᠦ ᠶᠢᠨ | ᠪᠡᠲᠡᠭᠢ ᠶᠢᠨ ᠪᠠᠺᠲ᠋ᠧᠷᠢ ᠶᠢ ᠳᠠᠷᠢᠬᠤ᠂ ᠳᠠᠪᠬᠤᠷᠭᠠᠯᠠᠨ ᠪᠣᠷᠳᠣᠭᠤᠷ ᠣᠷᠣᠭᠤᠯᠬᠤ᠂ ᠨᠢᠭᠡ ᠰᠦᠷᠴᠢᠵᠦ ᠣᠯᠠᠨ ᠢ | ᠠᠬᠢᠭᠤᠯᠬᠤ᠂ ᠮᠢᠺᠷᠣᠪ ᠪᠠᠺᠲ᠋ᠧᠷᠢ ᠶᠢᠨ ᠨᠠᠶᠢᠷᠠᠯᠭ᠎ᠠ ᠶᠢ ᠨᠢᠭᠡ ᠬᠤᠯᠢᠵᠤ ᠬᠤᠶᠠᠷ ᠣᠷᠣᠭᠤᠯᠬᠤ᠂ ᠪᠠᠭ᠎ᠠ ᠬᠤᠬᠢᠷᠠᠯ ᠢᠶᠠᠷ | ᠬᠤᠷᠢᠶᠠᠬᠤ ᠵᠡᠷᠭᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ᠎ᠡ︔ ᠰᠢᠷ᠎ᠠ ᠪᠤᠷᠴᠠᠭ ᠤᠨ ᠲᠣᠮᠣ | ᠳᠠᠯᠠᠩ ᠢ ᠥᠨᠳᠥᠷ ᠲᠠᠯᠪᠢᠬᠤ᠂ ᠲᠣᠮᠣ ᠳᠠᠯᠠᠩ ᠢ ᠨᠢᠭᠲᠠ ᠲᠠᠷᠢᠵᠦ ᠭᠦᠢᠬᠡᠨ ᠪᠤᠯᠠᠵᠤ ᠳᠤᠰᠤᠯᠭᠠᠨ ᠤᠰᠤᠯᠠᠬᠤ᠂ | ᠳᠠᠯᠠᠩ ᠢ ᠭᠤᠷᠪᠠᠨᠲᠠ ᠲᠠᠷᠢᠵᠦ ᠪᠣᠶᠢᠵᠢᠭᠤᠯᠬᠤ ᠵᠡᠷᠭᠡ ᠬᠡᠷᠡᠭᠯᠡᠭᠡᠨ ᠤ ᠥᠨᠳᠥᠷ ᠤᠨᠠᠯᠲᠠ ᠲᠠᠢ ᠥᠨᠳᠥᠷ ᠦᠷ᠎ᠡ | ᠠᠰᠢᠭ ᠲᠠᠢ ᠲᠠᠷᠢᠵᠦ ᠪᠣᠶᠢᠵᠢᠭᠤᠯᠬᠤ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠦᠨ᠎ᠡ᠃ | ︵ᠭᠤᠷᠪᠠ︶ ᠪᠤᠭᠤᠳᠠᠢ᠃ ᠴᠢᠨᠠᠷ ᠰᠠᠶᠢᠲᠠᠢ᠂ ᠥᠨᠳᠥᠷ ᠳᠠᠭᠠᠭᠠᠴᠠ ᠲᠠᠢ᠂ ᠳᠤᠮᠳᠠ ᠵᠡᠷᠭᠡ ᠶᠢᠨ ᠰᠢᠷᠪᠦᠰᠦ | ᠴᠢᠩᠭ᠎ᠠ᠂ ᠥᠨᠳᠥᠷ ᠰᠢᠷᠪᠦᠰᠦ ᠴᠢᠩᠭ᠎ᠠ ᠲᠠᠢ ᠪᠤᠭᠤᠳᠠᠢ ᠶᠢᠨ ᠡᠭᠦᠯᠳᠡᠷ ᠢ ᠳᠡᠯᠭᠡᠷᠡᠭᠦᠯᠦᠨ ᠬᠡᠷᠡᠭᠯᠡᠨ᠎ᠡ︔ ᠭᠠᠵᠠᠷ | ᠰᠢᠷᠣᠢ ᠶᠢ ᠨᠠᠷᠢᠯᠢᠭ ᠲᠡᠭᠰᠢᠯᠡᠬᠦ᠂ ᠵᠠᠮᠴᠢᠯᠠᠨ ᠨᠠᠷᠢᠯᠢᠭ ᠲᠠᠷᠢᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠰᠢ | ᠰᠦᠷᠡᠯ ᠢ ᠲᠠᠷᠢᠶᠠᠨ ᠳᠤ ᠣᠷᠣᠭᠤᠯᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠨᠢᠭᠡ ᠳᠤ ᠰᠦᠷᠴᠢᠵᠦ | ᠭᠤᠷᠪᠠ ᠶᠢ ᠰᠡᠷᠭᠡᠶᠢᠯᠡᠬᠦ ᠵᠡᠷᠭᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ᠎ᠡ︔ ᠬᠠᠪᠤᠷ ᠤᠨ | ᠪᠤᠭᠤᠳᠠᠢ ᠶᠢᠨ ᠬᠤᠶᠠᠷ ᠢ ᠥᠭᠡᠷᠡᠴᠢᠯᠡᠵᠦ ᠭᠤᠷᠪᠠ ᠶᠢ ᠢᠵᠢ ᠪᠦᠷᠢᠳᠦᠭᠦᠯᠬᠦ ᠪᠣᠬᠢᠷᠲᠤᠯ ᠦᠭᠡᠢ ᠦᠷ᠎ᠡ ᠠᠰᠢᠭ ᠢ | ᠨᠡᠮᠡᠭᠳᠡᠭᠦᠯᠬᠦ ᠮᠡᠷᠭᠡᠵᠢᠯ᠂ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ᠂ | ᠭᠠᠩ ᠬᠠᠭᠰᠠᠷᠠᠭᠠᠨ ᠲᠠᠢ ᠲᠡᠮᠡᠴᠡᠵᠦ ᠥᠨᠳᠥᠷ ᠤᠨᠠᠯᠲᠠ ᠶᠢᠨ ᠮᠠᠰᠢᠨᠴᠢᠯᠠᠯᠲᠠ ᠶᠢᠨ ᠶᠡᠷᠦᠩᠬᠡᠶᠢᠯᠡᠭᠰᠡᠨ ᠢᠵᠢ | ᠪᠦᠷᠢᠳᠦᠭᠦᠯᠬᠦ ᠮᠡᠷᠭᠡᠵᠢᠯ᠂ ᠪᠤᠭᠤᠳᠠᠢ ᠶᠢᠨ ᠰᠡᠭᠦᠯᠴᠢ ᠶᠢᠨ ᠳᠠᠬᠢᠨ ᠳᠠᠷᠢᠬᠤ ᠪᠠ ᠠᠯᠠᠭᠯᠠᠨ ᠳᠠᠷᠢᠬᠤ ᠵᠡᠷᠭᠡ ᠣᠯᠠᠨ | ᠡᠰᠢᠵᠢᠭᠰᠡᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠳᠠᠷᠢᠵᠤ ᠪᠣᠶᠢᠵᠢᠭᠤᠯᠬᠤ ᠮᠡᠷᠭᠡᠵᠢᠯ ᠤᠨ ᠵᠠᠭᠪᠤᠷ ᠢ | ᠲᠥᠪᠯᠡᠷᠡᠭᠦᠯᠦᠨ ᠳᠡᠯᠭᠡᠷᠡᠭᠦᠯᠦᠨ᠎ᠡ᠃ | ︵ᠳᠥᠷᠪᠡ︶ ᠰᠢᠯᠢᠮᠳᠡᠭ᠃ ᠭᠠᠩ ᠬᠠᠭᠰᠠᠷᠠᠭᠠᠨ ᠲᠠᠢ ᠲᠡᠮᠡᠴᠡᠵᠦ ᠳᠣᠣᠷ᠎ᠠ ᠳᠤᠯᠠᠭᠠᠨ ᠳᠤ ᠳᠠᠭᠠᠭᠠᠮᠠᠭᠠᠢ᠂ ᠨᠢᠭᠲᠠ | ᠪᠥᠭᠡᠳ ᠨᠠᠯᠠᠨ ᠤᠨᠠᠬᠤ ᠶᠢ ᠳᠠᠭᠠᠭᠠᠬᠤ ᠵᠡᠷᠭᠡ ᠲᠣᠰᠣ ᠶᠡᠬᠡᠲᠡᠢ ᠥᠨᠳᠥᠷ ᠤᠨᠠᠯᠲᠠ ᠲᠠᠢ᠂ ᠮᠠᠰᠢᠨ ᠢᠶᠠᠷ | ᠬᠤᠷᠢᠶᠠᠬᠤ ᠳᠤ ᠲᠣᠬᠢᠷᠠᠮᠵᠢᠲᠠᠢ ᠲᠦᠷᠦᠯ ᠵᠦᠢᠯ ᠢ ᠳᠡᠯᠭᠡᠷᠡᠭᠦᠯᠦᠨ ᠬᠡᠷᠡᠭᠯᠡᠨ᠎ᠡ︔ ᠪᠤᠭᠤᠳᠠᠢ ᠶᠢᠨ ᠦᠨᠳᠦᠰᠦ ᠡᠰᠢ ᠶᠢ | ᠦᠯᠦ ᠬᠠᠭᠠᠯᠪᠤᠷᠢᠯᠠᠬᠤ᠂ ᠦᠷ᠎ᠡ ᠶᠢ ᠮᠥᠬᠦᠯᠢᠭᠵᠢᠭᠦᠯᠦᠨ ᠨᠠᠷᠢᠯᠢᠭ ᠲᠠᠷᠢᠬᠤ᠂ ᠳᠠᠪᠬᠤᠷᠭ᠎ᠠ ᠬᠤᠪᠢᠶᠠᠨ ᠪᠣᠷᠳᠣᠭᠤᠷ | ᠣᠷᠣᠭᠤᠯᠬᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ᠂ ᠬᠠᠳᠤᠬᠤ ᠬᠠᠲᠠᠭᠠᠬᠤ ᠲᠡᠭᠦᠬᠦ ᠬᠡᠰᠡᠭ ᠬᠤᠪᠢᠶᠠᠨ | ᠮᠠᠰᠢᠨ ᠢᠶᠠᠷ ᠬᠤᠷᠢᠶᠠᠬᠤ ᠵᠡᠷᠭᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠵᠦ᠂ ᠰᠢᠯᠢᠮᠳᠡᠭ ᠤᠨ ᠪᠦᠬᠦ | ᠶᠠᠪᠤᠴᠠ ᠶᠢ ᠮᠠᠰᠢᠨᠴᠢᠯᠠᠨ ᠦᠯᠦ ᠬᠠᠭᠠᠯᠪᠤᠷᠢᠯᠠᠬᠤ᠂ ᠥᠷᠭᠡᠨ ᠪᠦᠷᠬᠦᠪᠴᠢᠳᠤ ᠭᠤᠤ ᠪᠠᠷ ᠲᠠᠷᠢᠬᠤ ᠵᠡᠷᠭᠡ ᠲᠠᠷᠢᠬᠤ | ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠦᠨ᠎ᠡ᠃ | ︵ᠲᠠᠪᠤ︶ ᠤᠰᠤᠨ ᠲᠤᠲᠤᠷᠭ᠎ᠠ᠃ ᠬᠦᠢᠲᠡᠨ ᠳᠤ ᠲᠡᠰᠪᠦᠷᠢᠲᠡᠢ ᠥᠨᠳᠥᠷ ᠤᠨᠠᠯᠲᠠ ᠲᠠᠢ ᠴᠢᠨᠠᠷ ᠰᠠᠶᠢᠲᠠᠢ ᠤᠰᠤᠨ | ᠲᠤᠲᠤᠷᠭ᠎ᠠ ᠶᠢᠨ ᠲᠦᠷᠦᠯ ᠵᠦᠢᠯ ᠢ ᠲᠥᠪᠯᠡᠷᠡᠭᠦᠯᠦᠨ ᠳᠡᠯᠭᠡᠷᠡᠭᠦᠯᠦᠨ᠎ᠡ︔ ᠲᠥᠪᠯᠡᠷᠡᠭᠦᠯᠦᠨ ᠴᠢᠬᠢ ᠪᠣᠶᠢᠵᠢᠭᠤᠯᠬᠤ᠂ | ᠮᠠᠰᠢᠨ ᠢᠶᠠᠷ ᠴᠢᠬᠢ ᠰᠠᠭᠤᠯᠭᠠᠬᠤ᠂ ᠭᠦᠢᠬᠡᠨ ᠨᠣᠶᠢᠲᠠᠨ ᠬᠠᠭᠤᠷᠠᠢ ᠵᠠᠪᠰᠠᠷᠯᠠᠨ ᠡᠭᠡᠯᠵᠢᠯᠡᠨ ᠤᠰᠤᠯᠠᠬᠤ᠂ ᠣᠷᠭᠠᠨᠢᠭ | ᠪᠣᠷᠳᠣᠭᠤᠷ ᠨᠡᠮᠡᠵᠦ ᠣᠷᠣᠭᠤᠯᠬᠤ᠂ ᠬᠠᠵᠠᠭᠤ ᠠᠴᠠ ᠭᠦᠨ ᠪᠣᠷᠳᠣᠭᠤᠷ ᠣᠷᠣᠭᠤᠯᠬᠤ ᠵᠡᠷᠭᠡ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠶᠢ ᠢᠵᠢ ᠪᠦᠷᠢᠳᠦᠭᠦᠯᠦᠨ᠎ᠡ︔ ᠴᠢᠨᠠᠷ ᠰᠠᠶᠢᠲᠠᠢ ᠤᠰᠤᠨ ᠲᠤᠲᠤᠷᠭ᠎ᠠ ᠶᠢᠨ ᠪᠣᠬᠢᠷᠲᠤᠯ ᠦᠭᠡᠢ ᠤᠰᠤ | ᠠᠷᠪᠢᠯᠠᠬᠤ ᠥᠨᠳᠥᠷ ᠦᠷ᠎ᠡ ᠠᠰᠢᠭ ᠲᠠᠢ᠂ ᠥᠷᠭᠡᠨ ᠢᠪᠴᠤᠤ ᠮᠥᠷᠲᠦ ᠥᠨᠳᠥᠷ ᠭᠡᠷᠡᠯ ᠤᠨ ᠠᠰᠢᠭᠯᠠᠮᠵᠢ ᠲᠠᠢ | ᠪᠠᠶᠢᠬᠤ ᠵᠡᠷᠭᠡ ᠥᠨᠳᠥᠷ ᠤᠨᠠᠯᠲᠠ ᠲᠠᠢ ᠲᠠᠷᠢᠵᠤ ᠪᠣᠶᠢᠵᠢᠭᠤᠯᠬᠤ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ | ᠳᠡᠯᠭᠡᠷᠡᠭᠦᠯᠦᠨ᠎ᠡ᠃ | ︵ᠵᠢᠷᠭᠤᠭ᠎ᠠ︶ ᠲᠥᠮᠥᠰᠥ᠃ ᠰᠥᠷᠬᠦ ᠶᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠪᠣᠯᠪᠠᠰᠤᠷᠠᠬᠤ ᠬᠤᠭᠤᠴᠠᠭᠠᠨ ᠳᠤ | ᠲᠣᠬᠢᠷᠠᠮᠵᠢᠲᠠᠢ ᠲᠤᠰᠬᠠᠢ ᠬᠡᠷᠡᠭᠯᠡᠭᠡᠨ ᠤ ᠪᠤᠶᠤ ᠬᠠᠪᠰᠤᠷᠭᠠᠨ ᠬᠡᠷᠡᠭᠯᠡᠬᠦ ᠬᠡᠯᠪᠡᠷᠢ ᠶᠢᠨ ᠰᠢᠯᠢᠳᠡᠭ ᠡᠭᠦᠯᠳᠡᠷ ᠢ | ᠳᠡᠯᠭᠡᠷᠡᠭᠦᠯᠦᠨ ᠬᠡᠷᠡᠭᠯᠡᠨ᠎ᠡ︔ ᠵᠦᠢ ᠵᠣᠬᠢᠰᠲᠠᠢ ᠪᠠᠷ ᠨᠢᠭᠲᠠ ᠲᠠᠷᠢᠬᠤ᠂ ᠡᠭᠡᠯᠵᠢᠯᠡᠨ ᠲᠠᠷᠢᠬᠤ᠂ ᠭᠠᠵᠠᠷ ᠤᠨ ᠥᠩ | ᠰᠢᠮ᠎ᠡ ᠶᠢ ᠨᠡᠮᠡᠭᠳᠡᠭᠦᠯᠬᠦ ᠵᠡᠷᠭᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠵᠦᠢ ᠵᠣᠬᠢᠰᠲᠠᠢ ᠪᠠᠷ | ᠨᠢᠭᠲᠠ ᠲᠠᠷᠢᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ | ᠠᠷᠪᠢᠯᠠᠬᠤ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠲᠠᠷᠢᠵᠤ ᠪᠣᠶᠢᠵᠢᠭᠤᠯᠬᠤ ᠮᠡᠷᠭᠡᠵᠢᠯ ᠤᠨ ᠵᠠᠭᠪᠤᠷ ᠢ | ᠲᠥᠪᠯᠡᠷᠡᠭᠦᠯᠦᠨ ᠳᠡᠯᠭᠡᠷᠡᠭᠦᠯᠦᠨ᠎ᠡ᠃ | ︵ᠲᠤᠯᠤᠭ᠎ᠠ︶ ᠨᠡᠷᠡᠨ ᠬᠤᠸᠠᠷ᠃ ᠥᠨᠳᠥᠷ ᠲᠣᠭᠲᠠᠭᠤᠨ ᠬᠤᠷᠢᠶᠠᠯᠲᠠ ᠲᠠᠢ᠂ ᠲᠠᠸᠠᠷ ᠤᠨ ᠴᠢᠨᠠᠷ ᠢᠶᠠᠷ ᠰᠠᠶᠢᠨ᠂ | ᠲᠡᠰᠪᠦᠷᠢᠯᠡᠬᠦ ᠴᠢᠨᠠᠷ ᠢᠶᠠᠷ ᠴᠢᠩᠭ᠎ᠠ ᠰᠢᠯᠢᠳᠡᠭ ᠡᠷᠯᠢᠰᠡᠵᠢᠭᠦᠯᠦᠭᠰᠡᠨ ᠡᠭᠦᠯᠳᠡᠷ ᠢ ᠳᠡᠯᠭᠡᠷᠡᠭᠦᠯᠦᠨ ᠬᠡᠷᠡᠭᠯᠡᠨ᠎ᠡ︔ ᠵᠣᠬᠢᠬᠤ | ᠬᠤᠭᠤᠴᠠᠭᠠᠨ ᠳᠤ ᠣᠷᠣᠢ ᠳᠠᠷᠢᠬᠤ᠂ ᠵᠦᠢ ᠵᠣᠬᠢᠰᠲᠠᠢ ᠰᠢᠩᠭᠡᠷᠡᠭᠦᠯᠦᠨ ᠳᠠᠷᠢᠬᠤ᠂ ᠠᠯᠠᠭᠯᠠᠨ ᠳᠠᠷᠢᠬᠤ᠂ ᠡᠪᠡᠳᠴᠢᠨ | ᠬᠤᠷᠣᠬᠠᠢ ᠶᠢᠨ ᠬᠥᠨᠥᠭᠡᠯ ᠢ ᠪᠣᠬᠢᠷᠲᠤᠯ ᠦᠭᠡᠢ ᠪᠠᠷ ᠰᠡᠷᠭᠡᠶᠢᠯᠡᠨ ᠵᠠᠰᠠᠬᠤ᠂ ᠪᠠᠯᠲᠤ ᠵᠥᠭᠡᠢ ᠳᠤ ᠲᠣᠭᠤᠰᠣ ᠬᠦᠷᠲᠡᠭᠡᠬᠦ᠂ | ᠲᠠᠪᠠᠭᠯᠠᠨ ᠬᠠᠲᠠᠭᠠᠬᠤ ᠵᠡᠷᠭᠡ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ᠎ᠡ︔ ᠨᠡᠷᠡᠨ ᠬᠤᠸᠠᠷ ᠢ | ᠥᠷᠭᠡᠳᠬᠡᠨ ᠨᠢᠭᠲᠠᠴᠠ ᠶᠢ ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ | ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠲᠠᠷᠢᠬᠤ | ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠦᠨ᠎ᠡ᠃ | ᠭᠤᠷᠪᠠ᠂ ᠱᠠᠩᠨᠠᠵᠤ ᠨᠥᠬᠦᠪᠦᠷᠢᠯᠡᠬᠦ ᠠᠷᠭ᠎ᠠ ᠬᠡᠯᠪᠡᠷᠢ ᠪᠣᠯᠣᠨ ᠪᠠᠷᠢᠮᠵᠢᠶ᠎ᠠ | ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠦᠷᠭᠦᠯᠵᠢᠯᠡᠨ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠪᠡᠶᠡᠴᠢ ᠴᠣᠭᠴᠠ ᠶᠢ ᠪᠣᠶᠢᠵᠢᠭᠤᠯᠬᠤ ᠪᠡᠯᠡ ᠮᠥᠩᠭᠦ ᠪᠠᠷ ᠳᠠᠮᠵᠢᠭᠤᠯᠤᠨ ᠱᠠᠲᠤ ᠳᠠᠷᠠᠭᠠᠯᠠᠨ | ᠪᠠᠭᠤᠯᠭᠠᠵᠤ᠂ ᠥᠩᠭᠡᠷᠡᠭᠰᠡᠨ ᠵᠢᠯ ᠤᠳ ᠤᠨ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠲᠠᠢ ᠨᠢᠭᠡᠳᠦᠯᠲᠡᠢ ᠲᠥᠯᠥᠪᠯᠡᠨ | ᠬᠡᠷᠡᠭᠯᠡᠵᠦ ᠪᠣᠯᠣᠨ᠎ᠠ᠃ ᠡᠯ᠎ᠡ ᠭᠠᠵᠠᠷ ᠨᠦᠭᠦᠳ ᠪᠡᠯᠡ ᠮᠥᠩᠭᠦ ᠶᠢᠨ ᠶᠡᠷᠦᠩᠬᠡᠢ ᠬᠡᠪᠴᠢᠶ᠎ᠡ ᠲᠠᠢ ᠪᠠᠨ ᠤᠶᠠᠯᠳᠤᠭᠤᠯᠤᠨ᠂ | ᠱᠠᠩᠨᠠᠵᠤ ᠨᠥᠬᠦᠪᠦᠷᠢᠯᠡᠬᠦ ᠨᠥᠬᠦᠴᠡᠯ ᠢ ᠵᠦᠢ ᠵᠣᠬᠢᠰᠲᠠᠢ ᠲᠣᠭᠲᠠᠭᠠᠨ᠂ ᠪᠡᠯᠡ ᠮᠥᠩᠭᠦ ᠶᠢᠨ ᠵᠠᠷᠤᠯᠭ᠎ᠠ ᠶᠢᠨ | ᠠᠬᠢᠴᠠ ᠶᠢ ᠲᠦᠷᠭᠡᠳᠬᠡᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠪᠠᠳᠠᠷᠠᠭᠤᠯᠬᠤ ᠬᠡᠷᠡᠭᠲᠡᠢ᠃ | ᠱᠠᠩᠨᠠᠯ ᠨᠥᠬᠦᠪᠦᠷᠢ ᠣᠯᠭᠤᠬᠤ ᠡᠲᠡᠭᠡᠳ ᠨᠢ ᠠᠮᠤ ᠪᠤᠳᠠᠭ᠎ᠠ ᠶᠢ ᠬᠡᠪᠴᠢᠶᠡᠵᠢᠭᠦᠯᠦᠨ ᠳᠠᠷᠢᠵᠤ ᠪᠠᠶᠢᠭ᠎ᠠ ᠲᠣᠮᠣ | ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ ᠮᠠᠶ᠋ᠢᠭ ᠤᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠠᠶᠢᠵᠤ᠂ ᠡᠭᠦᠨ ᠳᠤ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠪᠦᠬᠦ ᠶᠠᠪᠤᠴᠠ ᠶᠢᠨ ᠨᠠᠶᠢᠳᠠᠯᠭ᠎ᠠ ᠪᠠᠷ ᠬᠠᠮᠢᠶᠠᠷᠬᠤ ᠶᠢ ᠬᠡᠷᠡᠭᠵᠢᠭᠦᠯᠬᠦ ᠭᠤᠣᠯ | ᠴᠣᠭᠴᠠ ᠪᠣᠯᠣᠨ ᠠᠲᠠᠷᠰᠢᠭᠤᠯᠤᠭᠰᠠᠨ ᠭᠠᠵᠠᠷ ᠤᠨ ᠠᠮᠤ ᠳᠤᠰᠤᠨ ᠤ ᠲᠠᠷᠢᠮᠠᠯ ᠢ ᠳᠠᠬᠢᠨ ᠲᠠᠷᠢᠬᠤ ᠶᠢ ᠢᠳᠡᠪᠬᠢᠲᠡᠢ | ᠡᠭᠦᠷᠭᠡᠯᠡᠵᠦ ᠲᠤᠬᠠᠢ ᠶᠢᠨ ᠭᠠᠵᠠᠷ ᠤᠨ ᠳᠤᠮᠳᠠᠴᠢ ᠤᠨᠠᠯᠲᠠ ᠶᠢᠨ ᠲᠦᠪᠰᠢᠨ ᠳᠤ ᠬᠦᠷᠦᠭᠰᠡᠨ ᠭᠤᠣᠯ ᠴᠣᠭᠴᠠ ᠶᠢ | ᠪᠠᠭᠲᠠᠭᠠᠵᠤ᠂ ᠭᠠᠴᠠᠭᠠᠨ ᠤ ᠳᠡᠰ ᠤᠨ ᠤᠷᠭᠤᠮᠠᠯ ᠤᠨ ᠬᠠᠮᠠᠭᠠᠯᠠᠭᠴᠢ ᠲᠠᠢ ᠤᠶᠠᠯᠳᠤᠭᠤᠯᠤᠨ ᠡᠪᠡᠳᠴᠢᠨ | ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠵᠦ | ᠪᠣᠯᠣᠨ᠎ᠠ᠃ ᠲᠥᠷᠥᠯ ᠵᠦᠢᠯ ᠤᠨ ᠭᠤᠣᠯ ᠴᠣᠭᠴᠠ ᠨᠢ ᠤᠯᠤᠰ ᠤᠨ ᠲᠠᠰ ᠤᠨ ᠪᠣᠬᠢᠷᠲᠤᠯ ᠦᠭᠡᠢ ᠥᠨᠳᠥᠷ | ᠤᠨᠠᠯᠲᠠ ᠲᠠᠢ ᠥᠨᠳᠥᠷ ᠦᠷ᠎ᠡ ᠠᠰᠢᠭ ᠲᠠᠢ ᠠᠵᠢᠯᠯᠠᠭ᠎ᠠ ᠶᠢᠨ ᠲᠥᠷᠥᠯ ᠵᠦᠢᠯ ᠤᠨ ᠡᠭᠦᠷᠭᠡ ᠶᠢ ᠡᠭᠦᠷᠭᠡᠯᠡᠵᠦ ᠪᠦᠬᠦᠢ | ᠭᠤᠣᠯ ᠴᠣᠭᠴᠠ ᠯᠤᠭ᠎ᠠ ᠳᠠᠪᠬᠤᠷᠳᠠᠵᠤ ᠪᠣᠯᠬᠤ ᠦᠭᠡᠢ᠂ ᠣᠨᠴᠠ ᠵᠠᠷᠢᠮ ᠭᠠᠵᠠᠷ ᠣᠷᠣᠨ ᠨᠢ ᠤᠯᠤᠰ ᠤᠨ ᠲᠠᠰ ᠤᠨ | ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠠᠵᠢᠯᠯᠠᠭ᠎ᠠ ᠶᠢᠨ ᠲᠥᠷᠥᠯ ᠵᠦᠢᠯ ᠤᠨ | ᠭᠤᠣᠯ ᠴᠣᠭᠴᠠ ᠯᠤᠭ᠎ᠠ ᠳᠠᠪᠬᠤᠷᠳᠠᠬᠤ ᠠᠴᠠ ᠦᠨᠡᠨᠬᠦ ᠵᠠᠶᠢᠯᠠᠰᠬᠢᠬᠦ ᠶᠢᠨ ᠠᠷᠭ᠎ᠠ ᠦᠭᠡᠢ ᠪᠠᠶᠢᠪᠠᠯ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ︽ᠲᠣᠮᠣ ᠡᠷᠦᠬᠡ ᠪᠠᠶᠢᠭᠤᠯᠬᠤ︾ ᠦᠭᠡᠢ ᠪᠠᠶᠢᠬᠤ ᠶᠢ ᠦᠨᠡᠨᠬᠦ ᠪᠠᠲᠤᠯᠠᠭᠰᠠᠨ | ᠪᠠᠶᠢᠳᠠᠯ ᠳᠣᠣᠷ᠎ᠠ᠂ ᠭᠤᠣᠯ ᠴᠣᠭᠴᠠ ᠶᠢᠨ ᠳᠠᠪᠬᠤᠷᠳᠠᠬᠤ ᠪᠣᠯᠪᠠᠴᠤ ᠭᠠᠵᠠᠷ ᠤᠨ ᠬᠡᠰᠡᠭ ᠨᠢ ᠳᠠᠪᠬᠤᠷᠳᠠᠬᠤ ᠦᠭᠡᠢ | ᠪᠠᠶᠢᠬᠤ ᠶᠢ ᠵᠣᠬᠢᠬᠤ ᠬᠡᠮᠵᠢᠶ᠎ᠡ ᠪᠠᠷ ᠵᠥᠪᠰᠢᠶᠡᠷᠡᠵᠦ ᠪᠣᠯᠣᠨ᠎ᠠ᠃ ᠠᠮᠤ ᠪᠤᠳᠠᠭ᠎ᠠ ᠲᠤᠰᠤᠨ ᠤ ᠬᠡᠪᠴᠢᠶᠡᠲᠦ ᠲᠠᠷᠢᠮᠠᠯ ᠢ | ᠡᠷᠬᠢᠯᠡᠬᠦ ᠳᠤ ᠨᠡᠶᠢᠴᠡᠬᠦ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠨᠤᠭᠤᠳ ᠤᠨ ᠲᠥᠷᠥᠯ ᠵᠦᠢᠯ ᠭᠤᠶᠤᠴᠢᠯᠠᠨ ᠮᠡᠳᠡᠭᠦᠯᠬᠦ ᠳᠤ ᠣᠷᠣᠯᠴᠠᠬᠤ ᠶᠢ ᠵᠣᠷᠢᠭᠵᠢᠭᠤᠯᠵᠤ᠂ | ᠱᠠᠩᠨᠠᠵᠤ ᠲᠤᠰᠠᠯᠠᠬᠤ ᠪᠡᠯᠡ ᠮᠥᠩᠭᠦ ᠶᠢ ᠠᠰᠢᠭᠯᠠᠨ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠬᠤ | ᠦᠢᠯᠡᠴᠢᠯᠡᠭᠡᠨ ᠤ ᠠᠩᠭᠢ᠂ ᠣᠷᠣᠨ ᠪᠦᠰᠡ ᠶᠢᠨ ᠴᠢᠨᠠᠷᠲᠠᠢ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠪ ᠪᠣᠯᠣᠨ ᠳᠣᠬᠢᠭᠤᠷ ᠲᠤᠯᠤᠭᠠᠨ ᠤᠳᠤ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠪᠣᠯᠣᠨ᠎ᠠ᠃ | ᠱᠠᠩᠨᠠᠵᠤ ᠨᠥᠬᠦᠪᠦᠷᠢᠯᠡᠬᠦ ᠠᠷᠭ᠎ᠠ ᠬᠡᠯᠪᠡᠷᠢ ᠳᠤ ︽ᠲᠡᠷᠢᠭᠦᠨ ᠳᠤ ᠣᠷᠣᠬᠤ ᠪᠠᠷ ᠴᠢᠷᠮᠠᠶᠢᠬᠤ︾ ︽ᠵᠠᠷᠯᠠᠨ | ᠮᠠᠩᠯᠠᠶᠢᠯᠠᠭᠤᠯᠬᠤ︾ ᠵᠡᠷᠭᠡ ᠲᠣᠭᠲᠠᠴᠠ ᠪᠠᠷ ᠢᠳᠡᠪᠬᠢᠲᠡᠢ ᠪᠠᠷ ᠲᠣᠯᠢ ᠪᠣᠯᠭᠠᠵᠤ᠂ ᠲᠥᠷᠥᠯ ᠵᠦᠢᠯ ᠤᠨ ᠳᠦᠷᠢᠮ ᠤᠨ | ᠬᠠᠮᠢᠶᠠᠷᠤᠯᠲᠠ ᠶᠢ ᠬᠡᠷᠡᠭᠵᠢᠭᠦᠯᠦᠨ᠂ ᠭᠤᠣᠯ ᠴᠣᠭᠴᠠ ᠠᠴᠠ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ | ᠰᠢᠯᠢᠳᠡᠭ ᠢ ᠨᠢ ᠰᠣᠩᠭᠤᠨ ᠥᠷᠢᠰᠦᠯᠳᠦᠬᠦ ᠠᠷᠭ᠎ᠠ ᠬᠡᠯᠪᠡᠷᠢ ᠶᠢ ᠠᠪᠴᠤ ᠪᠠᠶᠢᠭᠠᠳ ᠪᠣᠳᠠᠲᠠᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠰᠠᠶᠢᠲᠤᠷ ᠠᠳᠬᠤᠬᠤ ᠶᠢᠨ ᠬᠠᠮᠲᠤ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ | ᠱᠠᠩᠨᠠᠵᠤ ᠨᠥᠬᠦᠪᠦᠷᠢᠯᠡᠬᠦ ᠡᠲᠡᠭᠡᠳ ᠢ ᠲᠣᠭᠲᠠᠭᠠᠬᠤ ᠪᠠ ᠱᠠᠩᠨᠠᠵᠤ ᠲᠤᠰᠠᠯᠠᠬᠤ ᠪᠡᠯᠡ ᠮᠥᠩᠭᠦ ᠶᠢ ᠰᠠᠯᠭᠠᠨ ᠥᠭᠬᠦ | ᠬᠡᠷᠡᠭᠲᠡᠢ᠃ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠭᠰᠠᠨ᠂ ᠲᠤᠰ ᠵᠢᠯ ᠤᠨ ᠲᠠᠯᠠᠪᠠᠢ ᠨᠢᠭᠡᠴᠢ ᠶᠢᠨ ᠤᠨᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠵᠡᠷᠭᠡ | ᠪᠠᠶᠢᠳᠠᠯ ᠤᠨ ᠶᠣᠰᠣᠭᠠᠷ ᠲᠥᠰᠥᠭᠡᠯᠡᠨ ᠪᠤᠳᠤᠵᠤ ᠰᠠᠯᠭᠠᠨ ᠥᠭᠴᠦ ᠪᠣᠯᠣᠨ᠎ᠠ᠃ | ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠨᠢ ᠭᠤᠣᠯ ᠴᠣᠭᠴᠠ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ | ᠬᠡᠮᠵᠢᠶ᠎ᠡ ᠶᠢᠨ ᠪᠠᠶᠢᠳᠠᠯ᠂ ᠮᠡᠳᠡᠭᠦᠯᠬᠦ ᠬᠡᠪᠴᠢᠶ᠎ᠡ ︵ᠪᠤᠰᠤᠳ ᠭᠤᠣᠯ ᠴᠣᠭᠴᠠ ᠪᠠ ᠲᠠᠷᠢᠶᠠᠴᠢᠨ ᠡᠷᠦᠬᠡ ᠳᠤ | ᠵᠠᠩᠭᠢᠯᠠᠭ᠎ᠠ ᠶᠢᠨ ᠨᠠᠶᠢᠳᠠᠨ ᠬᠠᠮᠢᠶᠠᠷᠤᠭᠤᠯᠬᠤ ᠪᠤᠶᠤ ᠪᠥᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ | ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ ᠪᠠᠭᠲᠠᠭᠠᠬᠤ ᠦᠭᠡᠢ︶᠂ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢᠨ | ᠶᠡᠷᠦᠩᠬᠡᠢ ᠬᠡᠪᠴᠢᠶ᠎ᠡ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ ᠪᠣᠯᠣᠨ᠎ᠠ᠃ ᠱᠠᠲᠤᠯᠠᠨ | ᠪᠠᠶᠢᠷᠢᠯᠠᠭᠤᠯᠬᠤ ᠶᠢᠨ ᠬᠠᠮᠲᠤ᠂ ᠲᠠᠩ ᠭᠠᠭᠴᠠ ᠭᠤᠣᠯ ᠴᠣᠭᠴᠠ ᠳᠤ ᠱᠠᠩᠨᠠᠵᠤ ᠨᠥᠬᠦᠪᠦᠷᠢᠯᠡᠬᠦ ᠳᠡᠭᠡᠳᠦ ᠬᠢᠵᠠᠭᠠᠷ ᠢ | ᠲᠣᠬᠢᠷᠠᠭᠤᠯᠵᠤ᠂ ᠲᠠᠩ ᠭᠠᠭᠴᠠ ᠲᠠᠷᠢᠮᠠᠯ ᠤᠨ ᠮᠡᠳᠡᠭᠦᠯᠬᠦ ᠬᠡᠪᠴᠢᠶ᠎ᠡ ᠶᠢ ᠡᠯ᠎ᠡ ᠠᠶᠢᠮᠠᠭ ᠬᠤᠲᠠ ᠠᠴᠠ ᠲᠣᠰ ᠭᠠᠵᠠᠷ | ᠣᠷᠣᠨ ᠤ ᠪᠣᠳᠠᠲᠠᠢ ᠳᠠᠭᠠᠨ ᠰᠠᠭᠤᠷᠢᠯᠠᠨ ᠲᠣᠭᠲᠠᠭᠠᠨ᠎ᠠ᠃ ᠮᠦ ᠪᠦᠷᠢ ᠶᠢᠨ ᠳᠤᠮᠳᠠᠴᠢ ᠨᠥᠬᠦᠪᠦᠷᠢ ᠶᠢ 41.5 | ᠲᠥᠭᠦᠷᠢᠭ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠬᠠᠮᠤᠭ ᠤᠨ ᠥᠨᠳᠥᠷ ᠲᠡᠭᠡᠨ 100 ᠲᠥᠭᠦᠷᠢᠭ ᠠᠴᠠ | ᠳᠠᠪᠠᠭᠤᠯᠬᠤ ᠦᠭᠡᠢ᠂ ᠲᠠᠩ ᠭᠠᠭᠴᠠ ᠭᠤᠣᠯ ᠴᠣᠭᠴᠠ ᠶᠢᠨ ᠱᠠᠩᠨᠠᠯ ᠤᠨ ᠪᠡᠯᠡ ᠮᠥᠩᠭᠦ ᠶᠢ 20 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠂ ᠠᠳᠠᠯᠢ ᠨᠥᠬᠦᠴᠡᠯ ᠤᠨ ᠳᠣᠣᠷ᠎ᠠ ᠠᠮᠤ ᠲᠣᠰᠣᠨ ᠤ ᠬᠡᠪᠴᠢᠶᠡᠲᠦ | ᠲᠠᠷᠢᠮᠠᠯ ᠤᠨ ᠭᠤᠣᠯ ᠴᠣᠭᠴᠠ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢᠨ ᠱᠠᠩᠨᠠᠯ ᠨᠥᠬᠦᠪᠦᠷᠢ ᠶᠢ | ᠭᠥᠷᠳᠡᠵᠦ ᠥᠩᠭᠡᠷᠡᠭᠰᠡᠨ ᠦᠭᠡᠢ ᠭᠤᠣᠯ ᠴᠣᠭᠴᠠ ᠶᠢ ᠱᠠᠩᠨᠠᠵᠤ ᠨᠥᠬᠦᠪᠦᠷᠢᠯᠡᠬᠦ ᠬᠡᠪᠴᠢᠶᠡᠨ ᠳᠤ ᠤᠷᠢᠳᠠᠪᠠᠷ | ᠵᠢᠭᠰᠠᠭᠠᠨ ᠣᠷᠣᠭᠤᠯᠵᠤ᠂ ︽ᠲᠣᠮᠣ ᠡᠷᠦᠬᠡ ᠪᠠᠶᠢᠭᠤᠯᠬᠤ︾ ᠶᠢ ᠰᠡᠷᠭᠡᠶᠢᠯᠡᠨ ᠬᠤᠷᠢᠭᠯᠠᠵᠤ᠂ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠲᠠᠯᠠᠪᠠᠶ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠲᠥᠰᠥᠯ ᠢ ᠨᠠᠷᠢᠯᠢᠭᠵᠢᠭᠤᠯᠤᠨ᠎ᠠ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠳ ᠲᠣᠰ ᠮᠡᠳᠡᠭᠳᠡᠯ ᠢ ᠳᠣᠷᠣᠭᠰᠢ ᠪᠠᠭᠤᠯᠭᠠᠭᠰᠠᠨ ᠤ ᠳᠠᠷᠠᠭᠠᠬᠢ 15 ᠡᠳᠦᠷ ᠤᠨ ᠳᠣᠲᠣᠷ᠎ᠠ | ᠬᠡᠷᠡᠭᠵᠢᠭᠦᠯᠬᠦ ᠲᠥᠰᠥᠯ ᠲᠣᠭᠲᠠᠭᠠᠵᠤ᠂ ᠮᠡᠳᠡᠭᠦᠯᠬᠦ ᠨᠥᠬᠦᠴᠡᠯ᠂ ᠡᠭᠦᠷᠭᠡ ᠡᠭᠦᠷᠭᠡᠯᠡᠬᠦ᠂ ᠤᠨᠠᠯᠲᠠ ᠶᠢ ᠬᠡᠮᠵᠢᠬᠦ ᠲᠠᠰ | ᠳᠠᠷᠠᠭᠠᠯᠠᠯ᠂ ᠢᠯᠡ ᠨᠡᠶᠢᠲᠡᠯᠡᠬᠦ ᠱᠠᠭᠠᠷᠳᠠᠯᠭ᠎ᠠ ᠵᠡᠷᠭᠡ ᠶᠢ ᠨᠠᠷᠢᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ ᠬᠢᠨᠠᠨ | ᠬᠠᠷᠭᠤᠭᠤᠯᠵᠤ ᠳᠠᠩᠰᠠᠯᠠᠭᠤᠯᠬᠤ ᠬᠡᠷᠡᠭᠲᠡᠢ᠃ ᠲᠥᠷᠥᠯ ᠵᠦᠢᠯ ᠤᠨ ᠬᠤᠰᠢᠭᠤ ᠰᠢᠶᠠᠨ ᠢ ᠵᠣᠬᠢᠶᠠᠨ ᠪᠠᠶᠢᠭᠤᠯᠤᠨ | ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠲᠥᠰᠥᠯ ᠢ ᠨᠠᠷᠢᠯᠢᠭᠵᠢᠭᠤᠯᠵᠤ᠂ ᠲᠠᠷᠢᠮᠠᠯ ᠤᠨ ᠲᠥᠷᠥᠯ ᠵᠦᠢᠯ᠂ | ᠲᠠᠯᠠᠪᠠᠶ ᠶᠢᠨ ᠬᠡᠪᠴᠢᠶ᠎ᠡ᠂ ᠭᠤᠣᠯ ᠳᠡᠯᠭᠡᠷᠡᠭᠦᠯᠬᠦ ᠮᠡᠷᠭᠡᠵᠢᠯ᠂ ᠲᠠᠯᠠᠪᠠᠶ ᠨᠢᠭᠡᠴᠢ ᠶᠢᠨ ᠤᠨᠠᠯᠲᠠ ᠶᠢᠨ ᠬᠠᠷᠠᠯᠲᠠ ᠵᠡᠷᠭᠡ ᠶᠢ | ᠬᠡᠷᠡᠭᠵᠢᠭᠦᠯᠬᠦ ᠨᠥᠬᠦᠴᠡᠯ ᠵᠢᠴᠢ ᠠᠵᠢᠯᠯᠠᠬᠤ ᠲᠠᠰ ᠳᠠᠷᠠᠭᠠᠯᠠᠯ ᠵᠡᠷᠭᠡ ᠶᠢ ᠲᠣᠳᠣᠷᠬᠠᠶᠢᠯᠠᠨ᠎ᠠ᠃ | ︵ᠬᠤᠶᠠᠷ︶ ᠮᠡᠳᠡᠭᠦᠯᠦᠨ ᠬᠢᠨᠠᠭᠤᠯᠤᠨ᠎ᠠ᠃ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠨᠥᠬᠦᠴᠡᠯ ᠳᠤ ᠨᠡᠶᠢᠴᠡᠬᠦ ᠠᠮᠤ ᠪᠤᠳᠠᠭ᠎ᠠ ᠲᠣᠰᠣᠨ ᠤ ᠬᠡᠪᠴᠢᠶᠡᠲᠦ ᠲᠠᠷᠢᠮᠠᠯ ᠤᠨ ᠭᠤᠣᠯ ᠴᠣᠭᠴᠠ ᠶᠢ | ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠢᠳᠡᠪᠬᠢᠲᠡᠢ ᠣᠷᠣᠯᠴᠠᠭᠤᠯᠵᠤ᠂ ᠰᠠᠶᠢᠨ ᠳᠤᠷ᠎ᠠ ᠠᠴᠠ ᠪᠠᠨ ᠮᠡᠳᠡᠭᠦᠯᠬᠦ | ᠬᠡᠷᠡᠭᠲᠡᠢ᠃ ᠮᠡᠳᠡᠭᠦᠯᠬᠦ ᠮᠠᠲ᠋ᠧᠷᠢᠶᠠᠯ ᠳᠤ ᠲᠠᠷᠢᠮᠠᠯ ᠤᠨ ᠲᠥᠷᠥᠯ ᠵᠦᠢᠯ᠂ ᠳᠠᠷᠢᠬᠤ ᠲᠠᠯᠠᠪᠠᠶ᠂ ᠵᠠᠩᠭᠢᠯᠠᠭ᠎ᠠ ᠶᠢᠨ ᠮᠡᠷᠭᠡᠵᠢᠯ᠂ | ᠬᠠᠷᠠᠯᠲᠠᠲᠤ ᠲᠠᠯᠠᠪᠠᠶ ᠨᠢᠭᠡᠴᠢ ᠶᠢᠨ ᠤᠨᠠᠯᠲᠠ ᠵᠡᠷᠭᠡ ᠦᠨᠳᠦᠰᠦᠨ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠢ᠃ | ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠮᠡᠳᠡᠭᠦᠯᠬᠦ ᠮᠠᠲ᠋ᠧᠷᠢᠶᠠᠯ ᠢ ᠵᠣᠬᠢᠶᠠᠨ | ᠪᠠᠶᠢᠭᠤᠯᠤᠨ ᠬᠢᠨᠠᠨ ᠬᠠᠷᠭᠤᠭᠤᠯᠵᠤ᠂ ᠲᠥᠷᠥᠯ ᠵᠦᠢᠯ ᠤᠨ ᠭᠤᠣᠯ ᠴᠣᠭᠴᠠ ᠶᠢ ᠰᠤᠳᠤᠯᠤᠨ ᠲᠣᠭᠲᠠᠭᠠᠵᠤ᠂ ᠢᠯᠡ | ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠡᠯ᠎ᠡ ᠠᠶᠢᠮᠠᠭ ᠬᠤᠲᠠ ᠨᠤᠭᠤᠳ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ | ᠬᠤᠷᠢᠶᠠᠩᠭᠤᠶᠢᠯᠠᠨ ᠮᠡᠳᠡᠭᠦᠯᠵᠦ ᠳᠠᠩᠰᠠᠯᠠᠭᠤᠯᠤᠨ᠎ᠠ᠃ | ︵ᠭᠤᠷᠪᠠ︶ ᠶᠠᠪᠤᠴᠠ ᠶᠢᠨ ᠲᠡᠮᠳᠡᠭᠯᠡᠯ ᠢ ᠬᠢᠨ᠎ᠡ᠃ ᠲᠥᠷᠥᠯ ᠵᠦᠢᠯ ᠤᠨ ᠭᠤᠣᠯ ᠴᠣᠭᠴᠠ ᠨᠢ ᠱᠠᠭᠠᠷᠳᠠᠯᠭ᠎ᠠ | ᠶᠣᠰᠣᠭᠠᠷ ᠲᠠᠷᠢᠶᠠᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠮᠡᠷᠭᠡᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ᠂ ᠭᠠᠵᠠᠷ ᠲᠡᠭᠰᠢᠯᠡᠨ ᠳᠠᠷᠢᠬᠤ᠂ ᠪᠣᠷᠳᠣᠭᠤᠷ ᠤᠰᠤᠨ ᠤ ᠬᠠᠮᠢᠶᠠᠷᠤᠯᠲᠠ᠂ ᠡᠪᠡᠳᠴᠢᠨ | ᠬᠤᠷᠣᠬᠠᠢ ᠡᠪᠡᠰᠦᠨ ᠤ ᠬᠥᠨᠥᠭᠡᠯ ᠢ ᠰᠡᠷᠭᠡᠶᠢᠯᠡᠨ ᠡᠵᠡᠮᠳᠡᠬᠦ ᠵᠢᠴᠢ ᠮᠠᠰᠢᠨ ᠢᠶᠠᠷ ᠬᠤᠷᠢᠶᠠᠬᠤ ᠵᠡᠷᠭᠡ ᠵᠠᠩᠭᠢᠯᠠᠭ᠎ᠠ ᠶᠢᠨ | ᠭᠤᠭᠴᠤᠭ᠎ᠠ ᠳᠤ᠂ ᠬᠡᠷᠡᠯ ᠵᠢᠷᠤᠭ᠂ ᠸᠢᠳᠢᠤ᠋ ᠵᠡᠷᠭᠡ ᠬᠡᠯᠪᠡᠷᠢ ᠪᠠᠷ ᠬᠡᠷᠡᠭᠯᠡᠵᠦ ᠪᠠᠶᠢᠭ᠎ᠠ ᠵᠠᠩᠭᠢᠯᠠᠭ᠎ᠠ ᠶᠢᠨ ᠮᠡᠷᠭᠡᠵᠢᠯ ᠤᠨ | ᠠᠷᠭ᠎ᠠ ᠬᠡᠮᠵᠢᠶ᠎ᠡ ᠶᠢ ᠲᠡᠮᠳᠡᠭᠯᠡᠬᠦ ᠬᠡᠷᠡᠭᠲᠡᠢ᠃ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠭᠤᠣᠯᠳᠠᠯᠭ᠎ᠠ ᠲᠠᠢ ᠮᠡᠷᠭᠡᠵᠢᠯ ᠤᠨ ᠪᠣᠳᠠᠲᠠᠶᠢᠵᠢᠭᠰᠠᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ | ᠬᠢᠨᠠᠨ ᠬᠠᠷᠭᠤᠭᠤᠯᠵᠤ᠂ ᠨᠢᠭᠡ ᠭᠤᠣᠯ ᠴᠣᠭᠴᠠ ᠨᠢᠭᠡ ᠲᠠᠩᠰᠠ ᠡᠪᠬᠡᠮᠡᠯ ᠢ ᠬᠡᠷᠡᠭᠵᠢᠭᠦᠯᠬᠦ ᠶᠢᠨ ᠬᠠᠮᠲᠤ᠂ ᠲᠥᠷᠥᠯ | ᠵᠦᠢᠯ ᠤᠨ ᠪᠠᠶᠢᠳᠠᠯ ᠤᠨ ᠲᠡᠮᠳᠡᠭᠯᠡᠯ ᠤᠨ ᠬᠦᠰᠦᠨᠦᠭᠲᠦ ᠶᠢ ᠲᠠᠭᠯᠠᠨ ᠪᠢᠴᠢᠬᠦ ᠬᠡᠷᠡᠭᠲᠡᠢ ︵ᠯᠠᠪᠯᠠᠯᠲᠠ ᠶᠢᠨ ᠵᠠᠭᠪᠤᠷ ᠢ | ᠳᠠᠭᠠᠯᠳᠤᠭᠤᠯᠤᠯ ᠳᠤ ᠦᠵᠡ︶᠃ | ︵ᠳᠥᠷᠪᠡ︶ ᠤᠨᠠᠯᠲᠠ ᠶᠢ ᠬᠡᠮᠵᠢᠵᠦ ᠬᠢᠨᠠᠨ ᠬᠠᠷᠭᠤᠭᠤᠯᠤᠨ᠎ᠠ᠃ ᠲᠠᠷᠢᠮᠠᠯ ᠤᠨ ᠬᠤᠷᠢᠶᠠᠯᠲᠠ ᠶᠢᠨ ᠤᠯᠠᠷᠢᠯ ᠳᠤ᠂ | ᠲᠥᠷᠥᠯ ᠵᠦᠢᠯ ᠤᠨ ᠭᠤᠣᠯ ᠴᠣᠭᠴᠠ ᠨᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠲᠤ ᠪᠣᠳᠠᠲᠠᠢ ᠲᠠᠯᠠᠪᠠᠶ ᠨᠢᠭᠡᠴᠢ ᠶᠢᠨ ᠤᠨᠠᠯᠲᠠ ᠪᠠᠨ ᠦᠨᠡᠨ ᠮᠥᠨ ᠢᠶᠠᠷ ᠨᠢ ᠳᠡᠭᠡᠭᠰᠢ ᠮᠡᠳᠡᠭᠦᠯᠵᠦ᠂ | ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠪᠣᠳᠠᠲᠠᠢ ᠲᠠᠢ ᠪᠠᠨ | ᠤᠶᠠᠯᠳᠤᠭᠤᠯᠤᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠠᠢ ᠬᠠᠮᠲᠤᠷᠠᠨ 20% ᠠᠴᠠ ᠳᠣᠣᠷ᠎ᠠ ᠦᠭᠡᠢ | ᠬᠠᠷᠢᠴᠠᠯ ᠢᠶᠠᠷ ᠲᠥᠷᠥᠯ ᠵᠦᠢᠯ ᠤᠨ ᠭᠤᠣᠯ ᠴᠣᠭᠴᠠ ᠳᠤ ᠲᠠᠰᠢᠷᠠᠮ ᠳᠠᠭᠠᠤ ᠰᠤᠭᠤᠴᠢᠨ ᠬᠡᠮᠵᠢᠵᠦ ᠳᠠᠬᠢᠨ ᠬᠢᠨᠠᠯᠲᠠ | ᠬᠢᠵᠦ᠂ ᠨᠥᠬᠦᠴᠡᠯ ᠲᠠᠢ ᠭᠠᠵᠠᠷ ᠣᠷᠣᠨ ᠨᠢ ᠪᠦᠬᠦᠨ ᠢ ᠬᠠᠮᠤᠷᠤᠨ ᠤᠨᠠᠯᠲᠠ ᠶᠢ ᠬᠡᠮᠵᠢᠬᠦ ᠶᠢ ᠵᠣᠷᠢᠭᠵᠢᠭᠤᠯᠤᠨ᠎ᠠ᠃ | ︵ᠲᠠᠪᠤ︶ ᠦᠷ᠎ᠡ ᠳ᠋ᠦᠩ ᠢ ᠢᠯᠡ ᠨᠡᠶᠢᠲᠡᠯᠡᠨ᠎ᠡ᠃ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠳ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠢᠨᠲ᠋ᠧᠷ ᠰᠦᠯᠵᠢᠶ᠎ᠡ᠂ ᠲᠣᠰᠬᠤᠨ ᠤ | ᠶᠠᠪᠤᠳᠠᠯ ᠢ ᠢᠯᠡ ᠪᠣᠯᠭᠠᠬᠤ ᠵᠡᠷᠭᠡ ᠠᠷᠭ᠎ᠠ ᠵᠠᠮ ᠢ ᠶᠡᠷᠦᠩᠬᠡᠶᠢᠯᠡᠨ ᠬᠡᠷᠡᠭᠯᠡᠵᠦ᠂ ᠲᠥᠷᠥᠯ ᠵᠦᠢᠯ ᠤᠨ ᠱᠠᠩᠨᠠᠵᠤ | ᠨᠥᠬᠦᠪᠦᠷᠢᠯᠡᠬᠦ ᠪᠠᠷ ᠪᠠᠶᠢᠭ᠎ᠠ ᠭᠤᠣᠯ ᠴᠣᠭᠴᠠ ᠵᠢᠴᠢ ᠪᠡᠯᠡ ᠮᠥᠩᠭᠦ ᠶᠢᠨ ᠪᠠᠶᠢᠳᠠᠯ ᠢ ᠴᠠᠭ ᠲᠤᠬᠠᠢ ᠳᠤᠨᠢ ᠢᠯᠡ | ᠨᠡᠶᠢᠲᠡᠯᠡᠵᠦ᠂ ᠲᠤᠰᠬᠠᠭᠰᠠᠨ ᠣᠨᠳᠣᠣ ᠰᠠᠨᠠᠯ ᠲᠠᠢ ᠪᠠᠶᠢᠪᠠᠯ ᠵᠣᠬᠢᠶᠠᠨ ᠪᠠᠶᠢᠭᠤᠯᠤᠯᠲᠠ ᠠᠴᠠ ᠬᠢᠨᠠᠨ ᠬᠠᠷᠭᠤᠭᠤᠯᠬᠤ | ᠬᠡᠷᠡᠭᠲᠡᠢ᠃ ᠢᠯᠡ ᠪᠠᠷ ᠵᠠᠷᠯᠠᠬᠤ ᠳᠤ ᠣᠨᠳᠣᠣ ᠰᠠᠨᠠᠯ ᠦᠭᠡᠢ ᠪᠠᠶᠢᠪᠠᠯ᠂ ᠵᠢᠷᠤᠮ ᠶᠣᠰᠣᠭᠠᠷ ᠴᠠᠭ ᠲᠤᠬᠠᠢ ᠳᠤᠨᠢ ᠪᠡᠯᠡ | ᠮᠥᠩᠭᠦ ᠪᠣᠯᠭᠠᠨ ᠥᠭᠭᠦᠨ᠎ᠡ᠃ | ᠲᠠᠪᠤ᠂ ᠠᠵᠢᠯ ᠤᠨ ᠱᠠᠭᠠᠷᠳᠠᠯᠭ᠎ᠠ | ᠨᠢᠭᠡ ᠳᠤ᠂ ᠠᠶᠢᠮᠠᠭ ᠬᠤᠲᠠ ᠨᠢ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ ᠪᠠ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠬᠤᠰᠢᠭᠤ ᠰᠢᠶᠠᠨ ᠨᠢ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ︽ᠨᠢᠭᠡ ᠬᠤᠰᠢᠭᠤ ᠰᠢᠶᠠᠨ ᠳᠤ ᠨᠢᠭᠡ ᠲᠥᠰᠥᠯ︾ ᠤᠨ ᠵᠠᠷᠴᠢᠮ ᠶᠣᠰᠣᠭᠠᠷ᠂ ᠬᠡᠷᠡᠭᠵᠢᠭᠦᠯᠬᠦ | ᠨᠥᠬᠦᠴᠡᠯ ᠵᠢᠴᠢ ᠠᠵᠢᠯᠯᠠᠬᠤ ᠲᠠᠰ ᠳᠠᠷᠠᠭᠠᠯᠠᠯ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ ᠬᠤᠶᠠᠷ ᠲᠤ᠂ ᠡᠯ᠎ᠡ | ᠱᠠᠲᠤᠨ ᠤ ᠲᠤᠰᠬᠠᠢ ᠮᠡᠷᠭᠡᠵᠢᠯᠲᠡᠨ ᠤ ᠵᠢᠯᠤᠭᠤᠳᠬᠤ ᠳᠤᠭᠤᠶᠢᠯᠠᠩ ᠪᠣᠯᠣᠨ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠡᠩᠨᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ | ᠰᠢᠯᠢᠮᠳᠡᠭ᠂ ᠤᠰᠤᠨ ᠲᠤᠲᠤᠷᠭ᠎ᠠ᠂ ᠲᠥᠮᠥᠰᠥ ᠪᠣᠯᠣᠨ ᠨᠡᠷᠡᠨ ᠬᠤᠸᠠᠷ ᠵᠡᠷᠭᠡ ᠠᠮᠤ ᠳᠤᠰᠤᠨ ᠤ ᠲᠠᠷᠢᠮᠠᠯ ᠤᠨ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠵᠢᠯᠤᠭᠤᠳᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ | ᠲᠥᠷᠥᠯ ᠵᠦᠢᠯ ᠤᠨ ᠠᠬᠢᠴᠠ ᠶᠣᠰᠣᠭᠠᠷ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ᠃ | ᠠᠵᠢᠯ ᠤᠨ ᠵᠢᠯᠣᠭᠤᠳᠤᠯᠭ᠎ᠠ ᠪᠠᠨ ᠴᠠᠭ ᠲᠤᠬᠠᠢ ᠳᠤᠨᠢ ᠥᠷᠨᠢᠭᠦᠯᠵᠦ᠂ ᠡᠯ᠎ᠡ ᠬᠤᠰᠢᠭᠤ ᠰᠢᠶᠠᠨ ᠢ ᠰᠢᠮᠳᠠᠭᠤᠯᠵᠤ | ᠪᠠᠶᠢᠭᠠᠳ ᠲᠥᠷᠥᠯ ᠵᠦᠢᠯ ᠤᠨ ᠭᠤᠣᠯ ᠴᠣᠭᠴᠠ ᠶᠢᠨ ᠲᠠᠩᠰᠠ ᠡᠪᠬᠡᠮᠡᠯ ᠢ ᠲᠠᠷᠢᠶᠠᠯᠠᠩ ᠬᠥᠳᠡᠭᠡ ᠲᠣᠰᠬᠤᠨ ᠤ | ᠶᠠᠮᠤᠨ ᠤ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠲᠠᠪᠴᠠᠩ ︵https://zyzf.xnzb.org.cn︶ ᠳᠤ ᠴᠠᠭ | ᠲᠤᠬᠠᠢ ᠳᠤᠨᠢ ᠳᠠᠮᠵᠢᠭᠤᠯᠬᠤ ᠶᠢᠨ ᠬᠠᠮᠲᠤ ᠪᠡᠯᠡ ᠮᠥᠩᠭᠦ ᠪᠣᠯᠭᠠᠨ ᠥᠭᠭᠦᠭᠰᠡᠨ ᠪᠠᠶᠢᠳᠠᠯ ᠢᠶᠠᠨ ᠲᠠᠭᠯᠠᠨ ᠮᠡᠳᠡᠭᠦᠯᠬᠦ | ᠬᠡᠷᠡᠭᠲᠡᠢ᠃ ᠳᠣᠲᠣᠭᠠᠳᠤ ᠠᠵᠢᠯ ᠲᠥᠷᠥᠯ ᠤᠨ ᠲᠠᠩᠰᠠ ᠡᠪᠬᠡᠮᠡᠯ ᠢ ᠵᠢᠷᠤᠮᠵᠢᠭᠤᠯᠵᠤ᠂ ᠬᠤᠰᠢᠭᠤ ᠰᠢᠶᠠᠨ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠶᠠᠪᠤᠴᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ | ᠪᠥᠬᠦ ᠶᠠᠪᠤᠴᠠ ᠳᠤ ᠲᠠᠩᠰᠠ ᠡᠪᠬᠡᠮᠡᠯ ᠪᠠᠶᠢᠭᠤᠯᠤᠨ ᠬᠡᠷᠡᠭ ᠪᠣᠯᠭᠠᠨ ᠳᠡᠩᠰᠡᠯᠡᠵᠦ᠂ ᠮᠡᠷᠭᠡᠵᠢᠯ ᠤᠨ | ᠨᠠᠶᠢᠳᠠᠪᠤᠷᠢᠵᠢᠭᠤᠯᠤᠯᠲᠠ᠂ ᠬᠦᠴᠦᠨ ᠵᠦᠢᠯ ᠤᠨ ᠣᠷᠣᠭᠤᠯᠤᠯᠲᠠ᠂ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ | ᠠᠭᠤᠯᠭ᠎ᠠ ᠶᠢ ᠲᠡᠮᠳᠡᠭᠯᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠨᠢ ᠵᠢᠷᠤᠮᠵᠢᠯ ᠲᠠᠢ ᠡᠮᠬᠢ ᠵᠢᠷᠤᠮ ᠲᠠᠢ᠂ | ᠤᠨᠠᠯᠲᠠ ᠶᠢ ᠬᠡᠮᠵᠢᠭᠰᠡᠨ ᠦᠷ᠎ᠡ ᠳ᠋ᠦᠩ ᠨᠢ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ᠂ ᠱᠠᠩᠨᠠᠯ ᠨᠥᠬᠦᠪᠦᠷᠢ | ᠣᠯᠭᠤᠬᠤ ᠶᠢ ᠢᠯᠡ ᠲᠣᠳᠣ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠥᠷᠪᠡ ᠳᠤ᠂ ᠲᠥᠷᠥᠯ ᠵᠦᠢᠯ ᠢ | ᠬᠡᠷᠡᠭᠵᠢᠭᠦᠯᠦᠭᠰᠡᠨ ᠨᠡᠶᠢᠲᠡᠯᠢᠭ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ ᠡᠯ᠎ᠡ ᠵᠦᠢᠯ ᠤᠨ | ᠠᠷᠭ᠎ᠠ ᠵᠠᠮ ᠢ ᠥᠷᠭᠡᠨ ᠢᠶᠠᠷ ᠠᠰᠢᠭᠯᠠᠨ ᠤᠬᠠᠭᠤᠯᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ᠂ 11 ᠰᠠᠷ᠎ᠠ ᠶᠢᠨ 10 ᠤ ᠡᠳᠦᠷ ᠠᠴᠠ ᠡᠮᠦᠨ᠎ᠡ | ᠠᠵᠢᠯ ᠤᠨ ᠳ᠋ᠦᠩᠨᠡᠯᠲᠡ ︵ᠲᠥᠷᠥᠯ ᠵᠦᠢᠯ ᠤᠨ ᠦᠷ᠎ᠡ ᠪᠦᠲᠦᠮᠵᠢ᠂ ᠭᠤᠣᠯ ᠬᠢᠬᠦ ᠠᠷᠭ᠎ᠠ᠂ ᠲᠠᠷᠠᠭᠠᠴᠢ ᠶᠢᠨ | ᠠᠯᠬᠤᠮ ᠤᠨ ᠲᠥᠯᠥᠪᠯᠡᠭᠡ ᠪᠠ ᠠᠰᠠᠭᠤᠳᠠᠯ ᠤᠨ ᠰᠠᠨᠠᠭᠤᠯᠭ᠎ᠠ ᠵᠡᠷᠭᠡ᠂ ᠱᠠᠭᠠᠷᠳᠠᠭᠰᠠᠨ ᠲᠤᠭ᠎ᠠ ᠪᠠᠷᠢᠮᠲᠠ ᠨᠢ ᠨᠠᠷᠢᠨ | ᠪᠣᠳᠠᠲᠠᠢ ᠣᠨᠣᠪᠴᠢᠲᠠᠶ᠂ ᠲᠣᠪᠣᠶᠢᠮ᠎ᠠ ᠬᠢᠯᠠᠰ ᠴᠡᠭ ᠲᠠᠢ ᠠᠵᠢᠯ︶ ᠪᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠵᠢᠩᠬᠢᠨᠢ ᠪᠠᠷ ᠮᠡᠳᠡᠭᠦᠯᠬᠦ ᠬᠡᠷᠡᠭᠲᠡᠢ᠃ |