︽ᠤᠮᠠᠷᠠᠲᠤ ᠬᠢᠯᠢ ᠶᠢᠨ ᠰᠢᠨ᠎ᠡ ᠲᠠᠷᠢᠶᠠᠴᠢᠨ︾ ᠰᠤᠷᠤᠭᠰᠠᠨ ᠢᠶᠠᠨ ᠴᠢᠳᠠᠮᠠᠭᠠᠢ ᠭᠡᠷᠡᠭᠯᠡᠳᠡᠭ ᠳᠠᠭᠠᠭᠤᠯᠤᠭᠴᠢ ᠬᠤᠨ︱ᠵᠤᠤ ᠰᠦᠸᠧ ᡁᠢ
ᠨᠡᠶᠢᠲᠡᠯᠡᠭᠰᠡᠨ ᠴᠠᠭ᠄
2025/5/28
      ᠵᠤᠤ ᠰᠦᠸᠧ ᡁᠢ᠂ 1975 ᠣᠨ ᠳᠤ ᠲᠦᠷᠦᠵᠡᠢ᠂ ᠬᠥᠬᠡᠬᠤᠲᠠ ᠶᠢᠨ ᠬᠤᠷᠢᠨᠭᠡᠷ ᠰᠢᠶᠠᠨ ᠤ ᠱᠧ ᠪᠢ ᠶᠠ ᠰᠢᠶᠠᠩ ᠤᠨ ᠰᠢᠨ ᠳ᠋ᠢ ᠲᠣᠰᠬᠤᠨ ᠤ ᠬᠥᠮᠥᠨ᠃ ᠥᠪᠥᠷ ᠮᠣᠩᠭᠤᠯ ᠤᠨ ᠰᠢᠨ ᠳ᠋ᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢ ᠡᠭᠦᠰᠬᠡᠨ ᠪᠠᠶᠢᠭᠤᠯᠤᠭᠴᠢ᠂ ᠬᠤᠷᠢᠨᠭᠡᠷ ᠰᠢᠶᠠᠨ ᠤ ᠬᠦᠶ ᠶᠤᠸᠠᠨ ᠠᠮᠢ ᠠᠬᠤᠢ ᠶᠢᠨ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ᠂ ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠯᠢᠭ ᠤᠨ ᠳᠠᠷᠤᠭ᠎ᠠ᠂ ᠬᠤᠷᠢᠨᠭᠡᠷ ᠰᠢᠶᠠᠨ ᠤ ᠵᠥᠩ ᠰᠢᠨ ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠴᠢᠳ ᠤᠨ ᠲᠤᠰᠬᠠᠢ ᠬᠤᠷᠰᠢᠶᠠᠨ ᠤ ᠬᠤᠯᠪᠣᠭᠠᠲᠤ ᠬᠤᠷᠰᠢᠶᠠᠨ ᠤ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ᠃ 2018 ᠣᠨ ᠳᠤ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ︽ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ︾ ᠢᠶᠠᠷ ᠦᠨᠡᠯᠡᠭᠳᠡᠪᠡ᠃ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ︽ᠲᠦᠷᠦᠭᠦᠴᠢ ᠬᠤᠨ︾ ᠤ ᠲᠥᠷᠥᠯ ᠵᠦᠢᠯ ᠤᠨ ᠰᠢᠯᠢᠳᠡᠭ ᠰᠣᠷᠣᠭᠴᠢ᠂ 2021 ᠣᠨ᠂ 2022 ᠣᠨ ᠤ ᠬᠥᠬᠡᠬᠤᠲᠠ ᠶᠢᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠳᠠᠭᠠᠭᠤᠯᠤᠭᠴᠢ ᠬᠤᠨ ᠤ ᠪᠣᠯᠪᠠᠰᠤᠷᠠᠯ ᠤᠨ ᠠᠩᠭᠢ ᠶᠢᠨ ᠰᠢᠯᠢᠳᠡᠭ ᠰᠣᠷᠣᠭᠴᠢ᠃      ᠬᠤᠷᠢᠨᠭᠡᠷ ᠰᠢᠶᠠᠨ ᠤ ᠬᠡᠪᠴᠢᠶᠡᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠤ᠂ ᠵᠤᠤ ᠰᠦᠸᠧ ᡁᠢ ᠶᠢᠨ ᠲᠤᠬᠠᠢ ᠶᠠᠷᠢᠬᠤ ᠳᠤ ᠮᠡᠳᠡᠬᠦ ᠦᠭᠡᠢ ᠬᠦᠮᠦᠨ ᠦᠭᠡᠢ᠂ ᠲᠡᠷᠡ ᠪᠣᠯ ᠵᠢᠩᠬᠢᠨᠢ ᠲᠠᠷᠢᠶᠠᠴᠢᠨ ᠭᠠᠷᠤᠯ ᠲᠠᠢ᠂ ᠥᠨᠳᠥᠷ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠬᠤ ᠳᠠᠭᠠᠨ ᠴᠡᠷᠢᠭ ᠲᠤ ᠣᠷᠣᠵᠤ᠂ 3 ᠵᠢᠯ ᠴᠡᠷᠢᠭ ᠤᠨ ᠠᠯᠪᠠ ᠬᠠᠭᠠᠵᠤ᠂ 1997 ᠣᠨ ᠳᠤ ᠴᠡᠷᠢᠭ ᠠᠴᠠ ᠬᠠᠯᠠᠭᠳᠠᠵᠤ ᠨᠤᠲᠤᠭ ᠲᠠᠭᠠᠨ ᠬᠠᠷᠢᠵᠤ᠂ ᠳᠠᠷᠠᠭ᠎ᠠ  ᠨᠢ ᠤᠷᠳᠤ ᠬᠤᠭᠤᠴᠠᠭ᠎ᠠ ᠪᠠᠷ ᠪᠠᠷᠢᠯᠭ᠎ᠠ ᠶᠢᠨ ᠮᠠᠰᠢᠨ ᠢᠶᠠᠷ ᠠᠵᠢᠯᠯᠠᠵᠤ᠂ 2015 ᠣᠨ ᠳᠤ ᠲᠠᠷᠢᠶᠠᠯᠠᠩ ᠤᠨ ᠲᠠᠷᠢᠮᠠᠯ ᠤᠨ ᠬᠦᠷᠢᠶ᠎ᠡ ᠴᠠᠷᠠᠭᠠᠨ ᠳᠤ ᠰᠢᠯᠵᠢᠪᠡ᠂ ᠵᠤᠤ ᠰᠦᠸᠧ ᡁᠢ ᠳᠤ ᠠᠪᠴᠤ ᠬᠡᠯᠡᠪᠡᠯ᠂ ᠡᠨᠡ ᠨᠢ ᠦᠨᠡᠬᠡᠷ ᠬᠥᠮᠥᠨ ᠤ ᠠᠮᠢᠳᠤᠷᠠᠯ ᠤᠨ ᠨᠢᠭᠡ ᠤᠳᠠᠭᠠᠨ ᠤ ᠰᠣᠩᠭᠤᠯᠲᠠ ᠪᠣᠯᠬᠤ ᠶᠤᠮ᠃ ︽ᠲᠠᠷᠢᠶᠠᠯᠠᠩ ᠳᠤ ᠪᠡᠯᠡ ᠣᠷᠣᠭᠤᠯᠬᠤ ᠳᠤ ᠠᠶᠤᠯ ᠲᠦᠭᠰᠢᠭᠦᠷᠢ ᠲᠤᠩ ᠶᠡᠭᠡ︾᠂ ︽ᠲᠠᠷᠢᠶᠠᠯᠠᠩ  ᠨᠢ ᠲᠡᠭᠷᠢ ᠶᠢᠨ ᠴᠢᠷᠠᠢ ᠶᠢ ᠬᠠᠷᠠᠵᠤ᠂ ᠪᠠᠶᠢᠭᠠᠯᠢ ᠶᠢᠨ ᠭᠠᠮᠰᠢᠭ ᠶᠡᠭᠡ︾᠂ ︽ᠲᠠᠷᠢᠶ᠎ᠠ ᠲᠠᠷᠢᠵᠤ ᠲᠠᠷᠢᠶᠠᠴᠢᠨ ᠪᠣᠯᠬᠤ ᠳᠤ ᠬᠠᠮᠤᠭ ᠤᠨ ᠵᠦᠳᠡᠷᠡᠯᠲᠡᠢ᠂ ᠬᠡᠷᠡᠭ ᠦᠭᠡᠢ᠂ ᠴᠢᠨᠦ ᠲᠤᠰᠬᠠᠢ ᠮᠡᠷᠭᠡᠵᠢᠯ ᠤᠨ ᠬᠠᠭᠤᠴᠢᠨ ᠠᠵᠢᠯ ᠢᠶᠠᠨ ᠬᠢᠬᠦ ᠶᠢ ᠬᠦᠷᠬᠦ ᠦᠭᠡᠢ︾ ᠭᠡᠬᠦ ᠮᠡᠲᠦ ᠶᠢᠨ ᠡᠰᠡᠷᠭᠦᠴᠡᠬᠦ ᠡᠰᠡᠷᠭᠦ ᠰᠠᠨᠠᠯ ᠤᠳ ᠬᠤᠶᠢᠨ᠎ᠠ ᠬᠤᠶᠢᠨ᠎ᠠ ᠠᠴᠠ ᠪᠠᠨ ᠭᠠᠷᠴᠤ ᠢᠷᠡᠪᠡ᠃ ᠡᠨᠡ ᠦᠶ᠎ᠡ ᠳᠤ ᠵᠤᠤ ᠰᠦᠸᠧ ᡁᠢ ᠬᠠᠷᠢᠨ ᠥᠭᠡᠷ᠎ᠡ ᠨᠢᠭᠡᠨ ᠬᠦᠰᠡᠯ ᠵᠡᠭᠦᠳᠦ ᠪᠠᠨ ᠰᠡᠮᠬᠡᠨ ᠪᠠᠵᠠᠭᠠᠵᠤ ᠪᠠᠶᠢᠯ᠎ᠠ᠃ ᠲᠠᠷᠢᠶᠠᠯᠠᠩ ᠢ ᠡᠷᠬᠢᠯᠡᠬᠦ ᠳᠤ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠵᠣᠷᠢᠭ ᠰᠠᠨᠠᠭ᠎ᠠ ᠲᠠᠢ ᠪᠠᠶᠢᠬᠤ ᠪᠠᠷ ᠪᠠᠷᠠᠬᠤ ᠦᠭᠡᠢ ᠪᠠᠰᠠ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠳᠤ ᠠᠮᠢ ᠪᠡᠶ᠎ᠡ ᠪᠠᠨ ᠵᠣᠷᠢᠭᠤᠯᠬᠤ ᠪᠠᠲᠤ ᠴᠢᠩᠭ᠎ᠠ ᠢᠲᠡᠭᠡᠯ ᠵᠣᠷᠢᠭ ᠲᠠᠢ ᠪᠠᠶᠢᠬᠤ ᠬᠡᠷᠡᠭᠲᠡᠢ᠂ ᠡᠭᠦᠨ ᠤ ᠬᠠᠮᠲᠤ ᠨᠡᠩ ᠴᠤ ᠨᠡᠶᠢᠭᠡᠮ ᠳᠤ ᠬᠠᠨᠳᠤᠬᠤ᠂ ᠠᠮᠢᠳᠤᠷᠠᠯ ᠳᠤ ᠬᠠᠨᠳᠤᠬᠤ ᠪᠠ ᠬᠥᠮᠥᠨ ᠤ ᠠᠮᠢᠳᠤᠷᠠᠯ ᠤᠨ ᠰᠣᠩᠭᠤᠯᠲᠠ ᠳᠤ ᠬᠠᠨᠳᠤᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠲᠠᠢ ᠪᠠᠶᠢᠬᠤ ᠬᠡᠷᠡᠭᠲᠡᠢ᠂ ᠬᠥᠳᠡᠭᠡ ᠲᠣᠰᠬᠤᠨ ᠳᠤ ᠠᠳᠠᠯ ᠦᠢᠯᠡᠰ ᠴᠣᠭᠴᠠᠯᠠᠬᠤ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠭᠠᠷ ᠤᠨ ᠠᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠭᠡᠳᠡᠭ ᠢ ᠲᠡᠷᠡ ᠰᠡᠳᠬᠢᠨ ᠪᠣᠳᠣᠯᠬᠢᠯᠠᠵᠤ ᠪᠠᠶᠢᠪᠠ᠃ ᠵᠤᠤ ᠰᠦᠸᠧ ᡁᠢ ᠲᠦᠷᠦᠯ ᠰᠠᠳᠤᠨ ᠤ ᠪᠠᠨ ᠡᠰᠡᠷᠭᠦᠴᠡᠯ ᠢ ᠬᠠᠶᠢᠬᠤᠷᠤᠯ ᠦᠭᠡᠢ ᠪᠠᠷ ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠬᠦ ᠳᠤ ᠣᠷᠣᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠪᠣᠯᠬᠤ ᠬᠦᠰᠡᠯ ᠵᠡᠭᠦᠳᠦ ᠶᠢ ᠪᠡᠶᠡᠯᠡᠭᠦᠯᠬᠦ ᠪᠠᠷ ᠲᠣᠭᠲᠠᠭᠰᠠᠨ ᠪᠥᠭᠡᠳ ᠡᠭᠦᠨ ᠤ ᠲᠥᠯᠥᠭᠡ ᠴᠥᠬᠦᠷᠡᠰᠢ ᠦᠭᠡᠢ ᠴᠢᠷᠮᠠᠶᠢᠯᠭ᠎ᠠ ᠭᠠᠷᠭᠠᠬᠤ ᠪᠠᠷ ᠵᠣᠷᠢᠭᠤᠯᠪᠠ᠃      2015 ᠣᠨ ᠠᠴᠠ ᠡᠮᠦᠨ᠎ᠡ᠂ ᠵᠤᠤ ᠰᠦᠸᠧ ᡁᠢ ᠪᠠᠷᠢᠯᠭ᠎ᠠ ᠶᠢᠨ ᠮᠠᠰᠢᠨ ᠢᠶᠠᠷ ᠠᠵᠢᠯᠯᠠᠵᠤ ᠪᠠᠶᠢᠬᠤ ᠳᠠᠭᠠᠨ ᠮᠠᠰᠢ ᠤᠯᠠᠨ ᠭᠠᠵᠠᠷ ᠣᠷᠣᠨ ᠳᠤ ᠶᠡᠭᠡ ᠬᠡᠮᠵᠢᠶᠡᠨ ᠤ ᠬᠥᠳᠡᠯᠮᠦᠷᠢ ᠬᠦᠴᠦ ᠭᠠᠳᠠᠭᠰᠢ ᠭᠠᠷᠴᠤ ᠠᠵᠢᠯ ᠬᠥᠳᠡᠯᠮᠦᠷᠢ ᠬᠢᠭᠰᠡᠨ ᠠᠴᠠ ᠮᠠᠰᠢ ᠤᠯᠠᠨ ᠰᠠᠶᠢᠨ ᠲᠠᠷᠢᠶ᠎ᠠ ᠠᠲᠠᠷᠰᠢᠭᠰᠠᠨ ᠢ ᠣᠯᠵᠤ ᠬᠠᠷᠠᠪᠠ᠂ ᠡᠨᠡ ᠨᠢ ᠤᠤᠯ ᠨᠢ ᠭᠠᠵᠠᠷ ᠰᠢᠷᠣᠢ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠭᠰᠠᠨ ᠲᠡᠭᠦᠨ ᠤ ᠰᠡᠳᠬᠢᠯ ᠢ ᠲᠤᠶᠢᠯ ᠢᠶᠠᠷ ᠰᠢᠮᠰᠢᠷᠡᠭᠦᠯᠵᠡᠢ᠃ 2015 ᠣᠨ ᠳᠤ ᠲᠡᠷᠡ ᠪᠡᠯᠡ ᠮᠥᠩᠭᠦ ᠴᠤᠭᠯᠠᠭᠤᠯᠤᠨ ᠨᠠᠶᠢᠵᠠ ᠨᠠᠷ ᠲᠠᠢ ᠪᠠᠨ ᠬᠠᠮᠲᠤᠷᠠᠨ 200 ᠭᠠᠷᠤᠢ ᠮᠦ ᠭᠠᠵᠠᠷ ᠰᠢᠷᠣᠢ ᠶᠢ ᠰᠢᠯᠵᠢᠭᠦᠯᠦᠨ ᠲᠠᠷᠢᠶᠠᠯᠠᠩ ᠤᠨ ᠠᠳᠠᠯ ᠦᠢᠯᠡᠰ ᠪᠣᠰᠬᠠᠵᠠᠢ᠃ ᠵᠠᠬ᠎ᠠ ᠳᠡᠯᠭᠡᠭᠦᠷ ᠤᠨ ᠰᠤᠷᠠᠭ ᠵᠠᠩᠭᠢ ᠪᠠ ᠲᠠᠷᠢᠮᠠᠯ ᠤᠨ ᠮᠡᠷᠭᠡᠵᠢᠯ ᠢᠶᠠᠷ ᠳᠤᠲᠠᠮᠠᠭ ᠤᠴᠢᠷ ᠠᠴᠠ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠲᠤᠷᠰᠢᠨ ᠳᠠᠷᠢᠭᠰᠠᠨ ᠤ ᠦᠷ᠎ᠡ ᠳ᠋ᠦᠩ ᠳᠤ ᠲᠤᠬᠠᠢ ᠶᠢᠨ ᠵᠢᠯ ᠳᠡᠭᠡᠨ ᠮᠠᠰᠢ ᠰᠠᠶᠢᠨ ᠦᠷ᠎ᠡ ᠪᠦᠲᠦᠮᠵᠢ ᠣᠯᠵᠠᠢ᠃ ᠮᠥᠨ ᠵᠢᠯ ᠠᠴᠠ ᠪᠠᠨ ᠡᠬᠢᠯᠡᠵᠤ᠂ ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠨᠢᠯᠴᠠᠭᠤᠯᠭ᠎ᠠ ᠪᠠᠷ᠂ ᠬᠥᠬᠡᠬᠤᠲᠠ ᠶᠢᠨ ᠬᠤᠷᠢᠨᠭᠡᠷ ᠰᠢᠶᠠᠨ ᠤ ᠬᠤᠶᠠᠷ ᠱᠠᠲᠤᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠯ ᠤᠨ ᠵᠢᠱᠢᠶ᠎ᠡ ᠦᠵᠡᠭᠦᠯᠬᠦ ᠠᠩᠭᠢ᠂ ᠬᠥᠬᠡᠬᠤᠲᠠ ᠶᠢᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠳᠠᠭᠠᠭᠤᠯᠤᠭᠴᠢ ᠬᠤᠨ ᠤ ᠪᠣᠯᠪᠠᠰᠤᠷᠠᠯ ᠤᠨ ᠠᠩᠭᠢ ᠳᠤ ᠵᠠᠯᠭᠠᠭ᠎ᠠ ᠪᠠᠷ ᠣᠷᠣᠯᠴᠠᠭᠰᠠᠨ ᠪᠥᠭᠡᠳ ᠤᠯᠠᠨ ᠤᠳᠠᠭ᠎ᠠ ︽ᠰᠢᠯᠢᠳᠡᠭ ᠰᠤᠷᠤᠭᠴᠢ︾ ᠵᠡᠷᠭᠡ ᠢᠷᠠᠭᠤ ᠠᠯᠳᠠᠷ ᠤᠨ ᠴᠣᠯᠠ ᠬᠦᠷᠲᠡᠵᠦ᠂ ᠬᠡᠳᠦᠨ ᠵᠢᠯ ᠤᠨ ᠲᠤᠷᠰᠢ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠪᠣᠯᠪᠠᠰᠤᠷᠠᠯ ᠢᠶᠠᠷ ᠳᠠᠮᠵᠢᠨ᠂ ᠪᠠᠭ᠎ᠠ ᠪᠤᠰᠤ ᠰᠢᠨ᠎ᠡ ᠲᠠᠷᠢᠮᠠᠯ ᠤᠨ ᠮᠡᠳᠡᠯᠭᠡ ᠪᠣᠯᠣᠨ ᠮᠡᠷᠭᠡᠵᠢᠯ ᠢ ᠰᠤᠷᠤᠯᠴᠠᠵᠠᠢ᠃ 2020 ᠣᠨ ᠳᠤ ᠪᠠᠰᠠ ᠵᠧᠵᠢᠶᠠᠩ ᠶᠡᠭᠡ ᠰᠤᠷᠭᠠᠭᠤᠯᠢ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠡᠷᠬᠢᠯᠡᠭᠰᠡᠡ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠳ ᠤᠨ ᠮᠡᠳᠡᠯᠭᠡ ᠶᠢᠨ ᠰᠢᠨᠡᠴᠢᠯᠡᠯᠲᠡ ᠶᠢᠨ ᠭᠤᠣᠯᠯᠠᠭᠴᠢ ᠪᠣᠯᠪᠠᠰᠤᠷᠠᠯ ᠤᠨ ᠠᠩᠭᠢ ᠳᠤ ᠣᠷᠣᠯᠴᠠᠵᠤ᠂ 2023 ᠣᠨ ᠳᠤ ᠵᠧᠵᠢᠶᠠᠩ ᠶᠡᠭᠡ ᠰᠤᠷᠭᠠᠭᠤᠯᠢ ᠳᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠤ ᠬᠥᠮᠥᠵᠢᠭᠦᠯᠬᠦ ᠲᠦᠷᠦᠯ ᠵᠦᠢᠯ ᠳᠤ ᠳᠠᠬᠢᠨᠲᠠ ᠣᠷᠣᠯᠴᠠᠪᠠ᠃      ᠲᠠᠰᠤᠷᠠᠯᠲᠠ ᠦᠭᠡᠢ ᠰᠤᠷᠤᠯᠴᠠᠬᠤ ᠪᠠᠷ ᠳᠠᠮᠵᠢᠨ᠂ ᠵᠤᠤ ᠰᠦᠸᠧ ᡁᠢ ᠲᠠᠷᠢᠶᠠᠯᠠᠩ ᠤᠨ ᠲᠠᠯ᠎ᠠ ᠶᠢᠨ ᠰᠢᠨ᠎ᠡ ᠮᠡᠷᠭᠡᠵᠢᠯ᠂ ᠰᠢᠨ᠎ᠡ ᠮᠡᠳᠡᠯᠭᠡ᠂ ᠰᠢᠨ᠎ᠡ ᠡᠵᠡᠩᠨᠡᠯᠲᠡ ᠬᠠᠮᠢᠶᠠᠷᠤᠯᠲᠠ ᠶᠢᠨ ᠮᠡᠳᠡᠯᠭᠡ ᠶᠢ ᠴᠥᠭᠡᠨ ᠪᠤᠰᠤ ᠰᠤᠷᠤᠯᠴᠠᠵᠤ᠂ ᠲᠠᠷᠢᠮᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠤ ᠬᠠᠮᠲᠤ ᠵᠠᠷᠢᠮ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠵᠢᠯᠣᠭᠤᠳᠤᠯᠭ᠎ᠠ ᠶᠢ ᠣᠯᠵᠤ᠂ ᠲᠠᠷᠢᠶᠠᠯᠠᠩ ᠤᠨ ᠠᠳᠠᠯ ᠦᠢᠯᠡᠰ ᠪᠣᠰᠬᠠᠬᠤ ᠢᠲᠡᠭᠡᠯ ᠢ ᠨᠡᠮᠡᠭᠳᠡᠭᠦᠯᠵᠦ᠂ ᠲᠤᠬᠠᠶᠢᠯᠠᠭᠰᠠᠨ ᠠᠵᠢᠯ ᠤᠨ ᠲᠠᠷᠢᠶᠠᠴᠢᠨ ᠪᠣᠯᠬᠤ ᠢᠲᠡᠭᠡᠯ ᠵᠣᠷᠢᠭ ᠢ ᠪᠠᠲᠤᠳᠬᠠᠪᠠ᠃ ᠢᠩᠭᠢᠭᠡᠳ 2016 ᠣᠨ ᠤ 3 ᠰᠠᠷ᠎ᠠ ᠳᠤ᠂ ᠲᠡᠷᠡ ᠡᠩ ᠲᠡᠷᠢᠭᠦᠨ ᠳᠤ ᠬᠤᠷᠢᠨᠭᠡᠷ ᠰᠢᠶᠠᠨ ᠤ ᠬᠦᠢ ᠶᠤᠸᠠᠨ ᠠᠮᠢ ᠠᠬᠤᠢ ᠶᠢᠨ ᠲᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢ ᠪᠠᠶᠢᠭᠤᠯᠵᠤ᠂ ᠨᠢᠭᠡ ᠵᠢᠯ ᠤᠨ ᠳᠠᠷᠠᠭ᠎ᠠ ᠪᠠᠰᠠ ᠥᠪᠥᠷ ᠮᠣᠩᠭᠤᠯ ᠤᠨ ᠰᠢᠨ ᠳ᠋ᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠭᠤᠣᠯᠳᠠᠭᠤ ᠡᠷᠳᠡᠨᠢ ᠰᠢᠰᠢ᠂ ᠬᠤᠯᠢᠮᠠᠭ ᠠᠮᠤ ᠵᠡᠷᠭᠡ ᠪᠠᠷ ᠭᠤᠣᠯᠳᠠᠭᠤᠯᠵᠤ᠂ ᠲᠥᠮᠥᠰᠥ ᠶᠢᠨ ᠲᠦᠷᠦᠯ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠣᠨᠴᠠᠯᠢᠭᠲᠤ ᠲᠠᠷᠢᠮᠠᠯ ᠢ ᠬᠠᠪᠰᠤᠷᠭᠠᠨ ᠡᠵᠡᠩᠨᠡᠬᠦ ᠶᠢᠨ ᠬᠠᠮᠲᠤ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠤᠳᠤ ᠦᠶ᠎ᠡ ᠶᠢᠨ ᠲᠠᠷᠢᠶᠠᠯᠠᠩ᠂ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠡᠢ᠃      ᠣᠶᠢᠷ᠎ᠠ ᠶᠢᠨ ᠵᠢᠯ ᠤᠳ ᠲᠤ᠂ ᠡᠷᠳᠡᠨᠢ ᠰᠢᠰᠢ ᠶᠢᠨ ᠬᠠᠵᠠᠭᠤ ᠪᠦᠷᠬᠦᠪᠴᠢ ᠳᠤ ᠳᠠᠷᠢᠬᠤ ᠮᠡᠷᠭᠡᠵᠢᠯ᠂ ᠡᠷᠳᠡᠨᠢ ᠰᠢᠰᠢ ᠶᠢᠨ ᠪᠦᠷᠬᠦᠪᠴᠢ ᠦᠭᠡᠢ ᠪᠠᠷ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠳᠠᠷᠢᠵᠤ ᠪᠣᠶᠢᠵᠢᠭᠤᠯᠬᠤ ᠮᠡᠷᠭᠡᠵᠢᠯ ᠢ ᠤᠷᠢᠳ ᠬᠤᠵᠢᠳ ᠣᠷᠣᠭᠤᠯᠤᠨ ᠠᠪᠴᠢᠷᠠᠬᠤ ᠶᠢᠨ ᠬᠠᠮᠲᠤ ᠳᠡᠯᠭᠡᠷᠡᠭᠦᠯᠵᠦ᠂ ︽ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠳᠠᠭᠠᠤ ᠶᠢᠨ ᠣᠯᠠᠨ ᠡᠬᠢᠲᠦ ᠪᠣᠬᠢᠷᠲᠤᠯ ᠤᠨ ᠬᠠᠨᠳᠤᠯᠭᠠᠲᠤ ᠴᠢᠨᠠᠷᠲᠠᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ︾ ᠢ ᠵᠠᠯᠭᠠᠨ ᠠᠪᠴᠤ᠂ ᠴᠥᠮ ᠢᠯᠡᠳᠲᠡ ᠦᠷ᠎ᠡ ᠪᠦᠲᠦᠮᠵᠢ ᠪᠠ ᠰᠠᠶᠢᠨ ᠰᠠᠶᠢᠬᠠᠨ ᠨᠡᠶᠢᠭᠡᠮ ᠤᠨ ᠦᠷ᠎ᠡ ᠠᠰᠢᠭ ᠢ ᠣᠯᠣᠭᠰᠠᠨ ᠪᠠᠶᠢᠨ᠎ᠠ᠃ ᠬᠡᠳᠦᠨ ᠵᠢᠯ ᠤᠨ ᠬᠥᠭᠵᠢᠯᠲᠡ ᠪᠠᠷ ᠲᠠᠮᠵᠢᠨ᠂ ᠲᠡᠭᠦᠨ ᠤ ᠲᠠᠷᠢᠮᠠᠯ ᠤᠨ ᠬᠡᠪᠴᠢᠶ᠎ᠡ ᠨᠢ ᠬᠡᠮᠵᠢᠶ᠎ᠡ ᠶᠢᠨ ᠲᠠᠯ᠎ᠠ ᠪᠠᠷ ᠰᠢᠪᠲᠤᠯᠤᠯᠲᠠ ᠲᠠᠢ ᠪᠣᠯᠵᠤ᠂ 2018 ᠣᠨ ᠪᠣᠯᠬᠤ ᠳᠤ ᠨᠢᠭᠡᠨᠲᠡ 7000 ᠭᠠᠷᠤᠢ ᠮᠦ ᠳᠤ ᠬᠦᠷᠴᠡᠢ᠃ 2022 ᠣᠨ ᠳᠤ ᠣᠷᠣᠯᠴᠠᠵᠤ ᠬᠡᠷᠡᠭᠵᠢᠭᠦᠯᠦᠭᠰᠡᠨ ᠰᠢᠷ᠎ᠠ ᠪᠤᠷᠴᠠᠭ ᠪᠠ ᠡᠷᠳᠡᠨᠢ ᠰᠢᠰᠢ ᠶᠢ ᠨᠡᠶᠢᠯᠡᠮᠡᠯ ᠪᠦᠰᠡᠯᠢᠭ ᠬᠡᠯᠪᠡᠷᠢ ᠲᠠᠢ ᠲᠠᠷᠢᠬᠤ ᠲᠥᠰᠥᠯ  ᠨᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ︽ᠵᠢᠱᠢᠶᠡᠴᠢ ᠲᠠᠷᠢᠮᠠᠯ︾ ᠤᠨ ᠰᠠᠭᠤᠷᠢᠨ ᠭᠠᠵᠠᠷ ᠢᠶᠠᠷ ᠦᠨᠡᠯᠡᠵᠦ᠂ ᠤᠯᠠᠨ ᠤᠳᠠᠭ᠎ᠠ ᠵᠢᠱᠢᠶ᠎ᠡ ᠦᠵᠡᠭᠦᠯᠬᠦ ᠴᠡᠭ ᠤᠨ ᠬᠤᠪᠢ ᠪᠠᠷ ᠥᠪᠡᠷᠲᠡᠭᠡᠨ ᠵᠠᠰᠠᠬᠤ ᠣᠷᠣᠨ᠂ ᠬᠤᠳᠠ᠂ ᠰᠢᠶᠠᠨ ᠤ ᠤᠳᠤᠷᠢᠳᠤᠯᠭ᠎ᠠ ᠶᠢᠨ ᠲᠣᠭᠤᠷᠢᠨ ᠦᠵᠡᠵᠦ ᠵᠢᠭᠠᠨ ᠵᠢᠯᠤᠭᠤᠳᠬᠤ ᠶᠢ ᠬᠦᠯᠢᠶᠡᠪᠡ᠃      ᠡᠨᠡ ᠵᠠᠮ ᠢᠶᠠᠷ ᠵᠠᠮᠨᠠᠭᠰᠠᠨ ᠠᠴᠠ ᠬᠤᠶᠢᠰᠢ᠂ ᠵᠤᠤ ᠰᠦᠸᠧ ᡁᠢ ᠡᠳᠦᠷ ᠲᠡᠭᠡᠨ ᠲᠠᠷᠢᠶᠠᠨ ᠠᠵᠢᠯ ᠢᠶᠠᠨ ᠬᠠᠮᠢᠶᠠᠷᠴᠤ᠂ ᠣᠷᠣᠢ ᠳᠠᠭᠠᠨ ᠲᠠᠷᠢᠮᠠᠯ ᠤᠨ ᠲᠠᠷᠢᠬᠤ ᠪᠠ ᠬᠠᠮᠢᠶᠠᠷᠤᠯᠲᠠ ᠶᠢᠨ ᠮᠡᠷᠭᠡᠵᠢᠯ ᠢ ᠰᠠᠭᠠᠳᠤᠯ ᠦᠭᠡᠢ ᠰᠤᠷᠤᠯᠴᠠᠪᠠ᠃ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠬᠡᠵᠢᠶᠡᠳᠡ ᠴᠡᠷᠢᠭ ᠤᠨ ᠬᠥᠮᠥᠨ ᠤ ᠮᠥᠨ ᠴᠢᠨᠠᠷ ᠢᠶᠠᠨ ᠬᠠᠳᠠᠭᠠᠯᠠᠳᠠᠭ ᠲᠡᠷᠡ ᠡᠳᠦᠷ ᠪᠦᠷᠢ ᠲᠠᠷᠢᠶᠠᠨ ᠭᠠᠵᠠᠷ ᠲᠠᠭᠠᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠪᠤᠷ ᠤᠨ ᠲᠠᠷᠢᠶᠠᠯᠠᠭ᠎ᠠ᠂ ᠵᠤᠨ ᠤ ᠬᠠᠮᠢᠶᠠᠷᠤᠯᠲᠠ ᠠᠴᠠ ᠨᠠᠮᠤᠷ ᠤᠨ ᠬᠤᠷᠢᠶᠠᠯᠲᠠ ᠬᠦᠷᠲᠡᠯ᠎ᠡ᠂ ᠭᠤᠭᠴᠤᠭ᠎ᠠ ᠪᠦᠷᠢ ᠳᠤ ᠥᠪᠡᠷ ᠤᠨ ᠪᠡᠶ᠎ᠡ ᠪᠠᠷ ᠢᠶᠠᠨ ᠲᠠᠷᠢᠶᠠᠨ ᠭᠠᠵᠠᠷ ᠲᠤ ᠭᠦᠨᠵᠡᠭᠡᠶᠢᠷᠡᠨ ᠵᠢᠭᠠᠨ ᠵᠢᠯᠤᠭᠤᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠨᠢ ᠰᠠᠶ᠋ᠢ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ ᠭᠡᠳᠡᠭ ᠢ ᠰᠠᠶᠢᠨ ᠮᠡᠳᠡᠳᠡᠭ ᠲᠡᠷᠡ ᠡᠩ ᠤᠨ ᠦᠶ᠎ᠡ ᠳᠡᠭᠡᠨ ᠡᠯ᠎ᠡ ᠲᠠᠯ᠎ᠠ ᠶᠢᠨ ᠮᠡᠳᠡᠯᠭᠡ ᠶᠢ ᠰᠤᠷᠤᠯᠴᠠᠬᠤ ᠶᠢ ᠠᠩᠬᠠᠷᠳᠠᠭ᠂ ᠢᠯᠠᠩᠭᠤᠶ᠎ᠠ ᠰᠢᠨᠵᠢᠯᠡᠬᠦ ᠤᠬᠠᠭᠠᠨᠴᠢ ᠪᠠᠷ ᠲᠠᠷᠢᠬᠤ ᠲᠠᠯ᠎ᠠ ᠪᠠᠷ ᠨᠡᠩ ᠴᠤ ᠤᠨᠲᠠᠵᠤ ᠢᠳᠡᠬᠦ ᠪᠠᠨ ᠤᠮᠠᠷᠲᠠᠨ ᠰᠤᠷᠤᠯᠴᠠᠳᠠᠭ᠂ ᠬᠡᠳᠦᠢ ᠶᠠᠭᠠᠷᠠᠤ ᠪᠠᠶᠢᠭᠰᠠᠨ ᠴᠤ ᠮᠠᠲ᠋ᠧᠷᠢᠶᠠᠯ ᠤᠩᠰᠢᠬᠤ ᠶᠢ ᠪᠠᠷᠢᠮᠲᠠᠯᠠᠨ᠂ ᠲᠠᠷᠢᠶᠠᠨ ᠤ ᠤᠷᠭᠤᠴᠠ ᠶᠢᠨ ᠪᠠᠶᠢᠳᠠᠯ ᠢ ᠠᠵᠢᠭᠯᠠᠵᠤ᠂ ᠲᠠᠷᠢᠶᠠᠨ ᠤ ᠬᠠᠮᠢᠶᠠᠷᠤᠯᠲᠠ ᠶᠢᠨ ᠲᠥᠰᠥᠯ ᠲᠣᠭᠲᠠᠭᠠᠬᠤ ᠶᠢᠨ ᠬᠠᠮᠲᠤ ᠲᠠᠷᠢᠶᠠᠨ ᠤ ᠬᠠᠮᠢᠶᠠᠷᠤᠯᠲᠠ ᠶᠢᠨ ᠦᠢᠯᠡᠳᠪᠦᠷᠢᠯᠡᠯ ᠤᠨ ᠲᠡᠮᠳᠡᠭᠯᠡᠯ ᠢ ᠨᠠᠷᠢᠨ ᠬᠢᠨᠠᠮᠠᠭᠠᠢ ᠰᠠᠶᠢᠨ ᠬᠢᠳᠡᠭ᠃ ᠬᠡᠳᠦᠨ ᠵᠢᠯ ᠤᠨ ᠬᠤᠭᠤᠴᠠᠭᠠᠨ ᠳᠤ ᠡᠯᠪᠡᠭ ᠪᠠᠶᠠᠯᠢᠭ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ ᠢ ᠡᠵᠡᠮᠰᠢᠵᠦ᠂ ᠡᠯᠪᠡᠭ ᠪᠠᠶᠠᠯᠢᠭ ᠲᠠᠷᠢᠮᠠᠯ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠬᠤᠷᠠᠮᠳᠤᠭᠤᠯᠵᠤ᠂ ᠲᠡᠭᠦᠨ ᠤ ᠲᠠᠷᠢᠮᠠᠯ ᠤᠨ ᠰᠠᠭᠤᠷᠢᠨ ᠭᠠᠵᠠᠷ ᠨᠢ ᠠᠯᠬᠤᠮ ᠠᠯᠬᠤᠮ ᠢᠶᠠᠷ ᠮᠠᠰᠢᠨᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ᠂ ᠨᠠᠷᠢᠯᠢᠭᠵᠢᠭᠤᠯᠤᠭᠰᠠᠨ ᠲᠠᠷᠢᠶᠠᠯᠠᠩ ᠤᠨ ᠪᠠᠶᠠᠵᠢᠯ ᠤᠨ ᠵᠠᠮ ᠢᠶᠠᠷ ᠵᠠᠮᠨᠠᠭᠰᠠᠨ ᠪᠠᠶᠢᠨ᠎ᠠ᠃      ᠢᠷᠡᠬᠦ ᠵᠠᠮ ᠢᠶᠠᠨ ᠮᠠᠷᠲᠠᠬᠤ ᠦᠭᠡᠢ ᠪᠣᠯ ᠰᠠᠶ᠋ᠢ ᠬᠠᠮᠢᠭᠠᠰᠢ ᠵᠠᠮᠨᠠᠬᠤ ᠪᠠᠨ ᠮᠡᠳᠡᠨ᠎ᠡ᠃ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠪᠠᠶᠢᠷᠢᠰᠢᠯ ᠤᠨ ᠡᠮᠦᠨ᠎ᠡ᠂ ᠵᠤᠤ ᠰᠦᠸᠧ ᡁᠢ 2023 ᠣᠨ ᠤ 1 ᠰᠠᠷ᠎ᠠ ᠳᠤ ᠬᠤᠷᠢᠨᠭᠡᠷ ᠰᠢᠶᠠᠨ ᠤ ᠬᠠᠮᠲᠤ ᠪᠠᠷ ᠬᠥᠭᠵᠢᠬᠦ ᠵᠣᠷᠢᠭ ᠲᠠᠢ ᠬᠠᠮᠲᠤ ᠠᠵᠢᠯᠯᠠᠭᠰᠠᠳ ᠢ ᠴᠤᠭᠯᠠᠭᠤᠯᠵᠤ ︽ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠯᠢᠭ︾ ᠢ ᠪᠠᠶᠢᠭᠤᠯᠵᠠᠢ︔ 2 ᠰᠠᠷ᠎ᠠ ᠳᠤ᠂ ᠨᠡᠶᠢᠭᠡᠮᠯᠢᠭ ᠤᠨ ᠰᠠᠭᠤᠷᠢᠨ ᠳᠡᠭᠡᠷ᠎ᠡ ︽ᠬᠤᠷᠢᠨᠭᠡᠷ ᠰᠢᠶᠠᠨ ᠤ ᠵᠦᠩ ᠰᠢᠨ ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ︾  ᠶᠢ ᠪᠠᠶᠢᠭᠤᠯᠵᠤ᠂ ᠡᠬᠢ ᠪᠠᠶᠠᠯᠢᠭ᠂ ᠮᠡᠳᠡᠭᠡ ᠵᠠᠩᠭᠢ᠂ ᠮᠡᠷᠭᠡᠵᠢᠯ ᠢ ᠬᠠᠮᠲᠤᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠠᠵᠢᠯ ᠲᠦᠷᠦᠯ ᠤᠨ ᠳᠣᠲᠣᠷᠠᠬᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠤᠷᠳᠤ ᠬᠤᠭᠤᠴᠠᠭ᠎ᠠ ᠪᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢ ᠪᠠᠷᠢᠮᠲᠠᠯᠠᠵᠤ᠂ ᠡᠭᠦᠨ ᠤ ᠤᠯᠠᠮ ᠢᠶᠠᠷ ᠨᠡᠩ ᠤᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠳᠠᠭᠠᠭᠤᠯᠵᠤ ᠪᠠᠶᠢᠭᠠᠳ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠵᠡᠷᠭᠡᠪᠡᠷ ᠪᠡᠶᠡᠯᠡᠭᠦᠯᠬᠦ ᠪᠠᠷ ᠵᠣᠷᠢᠭ ᠰᠢᠭᠤᠳᠴᠠᠢ᠃ ᠣᠶᠢᠷ᠎ᠠ ᠶᠢᠨ ᠵᠢᠯ ᠤᠳ ᠲᠤ᠂ ᠲᠡᠷᠡ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠳᠤ ᠰᠣᠷᠣᠭᠰᠠᠨ ᠮᠡᠳᠡᠯᠭᠡ ᠪᠣᠯᠣᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠠᠭᠠᠭᠤᠯᠭ᠎ᠠ ᠪᠠᠷ ᠴᠥᠭᠡᠨ ᠪᠤᠰᠤ ᠲᠠᠷᠢᠶᠠᠴᠢᠨ ᠲᠦᠮᠡᠨ ᠢ ᠳᠠᠶᠢᠴᠢᠯᠠᠨ ᠰᠢᠨᠵᠢᠯᠡᠬᠦ ᠤᠬᠠᠭᠠᠨᠴᠢ ᠪᠠᠷ ᠲᠠᠷᠢᠵᠤ ᠲᠡᠵᠢᠭᠡᠬᠦ ᠵᠠᠮ ᠢᠶᠠᠷ ᠠᠯᠬᠤᠮ ᠠᠯᠬᠤᠮ ᠢᠶᠠᠷ ᠵᠠᠮᠨᠠᠭᠤᠯᠵᠤ᠂ 200 ᠭᠠᠷᠤᠢ ᠶᠠᠳᠠᠭᠤ ᠬᠦᠴᠢᠷᠳᠡᠯᠲᠡᠢ ᠡᠷᠦᠬᠡ ᠪᠣᠯᠣᠨ ᠡᠩ ᠤᠨ ᠲᠠᠷᠢᠶᠠᠴᠢᠨ ᠡᠷᠦᠬᠡ ᠶᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠰᠢᠨ᠎ᠡ ᠮᠠᠶ᠋ᠢᠭ ᠤᠨ ᠲᠤᠰᠬᠠᠢ ᠠᠵᠢᠯ ᠤᠨ ᠲᠠᠷᠢᠶᠠᠴᠢᠨ ᠤ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ᠃ ᠵᠣᠷᠢᠭ ᠰᠥᠰᠥ ᠲᠠᠢ ᠬᠥᠮᠥᠰ ᠢ ᠭᠤᠮᠣᠳᠠᠭᠠᠬᠤ ᠦᠭᠡᠢ᠂ ᠥᠨᠥᠳᠥᠷ ᠤᠨ ᠵᠤᠤ ᠰᠦᠸᠧ ᡁᠢ ᠨᠢᠭᠡᠨᠲᠡ ᠬᠤᠷᠢᠨᠭᠡᠷ ᠰᠢᠶᠠᠨ ᠤ ᠲᠥᠯᠥᠭᠡᠯᠡᠬᠦ ᠴᠢᠨᠠᠷᠲᠠᠢ ᠤᠳᠤ ᠦᠶ᠎ᠡ ᠶᠢᠨ ᠲᠠᠷᠢᠶᠠᠴᠢᠨ ᠪᠣᠯᠤᠭᠰᠠᠨ ᠪᠥᠭᠡᠳ ᠤᠷᠢᠳ ᠬᠤᠵᠢᠳ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠦᠢᠴᠡᠳᠭᠡᠭᠴᠢ ᠭᠡᠰᠢᠭᠦᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠭᠳᠠᠭᠰᠠᠨ ᠪᠥᠭᠡᠳ ᠰᠢᠶᠠᠨ ᠤ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠤᠨ ᠲᠥᠯᠥᠭᠡᠯᠡᠭᠴᠢ ᠪᠠᠷ ᠰᠣᠩᠭᠤᠭᠳᠠᠵᠠᠢ᠃       ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠯᠢᠭ ᠪᠠᠶᠢᠭᠤᠯᠤᠭᠳᠠᠭᠰᠠᠨ  ᠠᠴᠠ ᠨᠠᠭᠠᠰᠢ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠣᠯᠣᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠨᠢᠭᠡᠴᠡ ᠶᠢᠨ ᠪᠣᠳᠠᠲᠠᠢ ᠵᠢᠯᠣᠭᠤᠳᠤᠯᠭ᠎ᠠ ᠪᠠ ᠡᠯ᠎ᠡ ᠭᠡᠰᠢᠭᠦᠨ ᠨᠢᠭᠡᠴᠡ᠂ ᠠᠵᠢᠯ ᠲᠥᠷᠥᠯ ᠤᠨ ᠬᠢᠨ ᠤ ᠳᠡᠮᠵᠢᠯᠭᠡ ᠳᠣᠣᠷ᠎ᠠ᠂ ᠨᠡᠶᠢᠭᠡᠮᠯᠢᠭ ᠨᠢ ︽ᠨᠡᠪᠲᠡᠷᠡᠯᠴᠡᠬᠦ᠂ ᠦᠢᠯᠡᠴᠢᠯᠡᠬᠦ᠂ ᠥᠪᠡᠷ ᠢ ᠪᠠᠨ ᠱᠠᠭᠠᠷᠳᠠᠬᠤ᠂ ᠬᠥᠭᠵᠢᠭᠦᠯᠬᠦ︾ ᠪᠠᠷ ᠠᠵᠢᠯ ᠤᠨ ᠵᠣᠷᠢᠯᠲᠠ ᠪᠠᠨ ᠪᠣᠯᠭᠠᠵᠤ᠂ ᠦᠢᠯᠡᠴᠢᠯᠡᠭᠡᠨ ᠤ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠭᠰᠡᠨ ᠪᠠᠶᠢᠨ᠎ᠠ᠃ ᠵᠠᠰᠠᠭ ᠤᠨ ᠣᠷᠳᠣᠨ᠂ ᠠᠵᠤ ᠠᠬᠤᠶᠢᠯᠠᠯ ᠤᠨ ᠨᠡᠪᠲᠡᠷᠡᠯᠴᠡᠬᠦ ᠬᠥᠭᠦᠷᠭᠡ ᠪᠠ ᠬᠤᠯᠪᠣᠭᠠᠰᠤ ᠪᠣᠯᠤᠭᠰᠠᠨ ᠤ ᠬᠤᠪᠢ ᠳᠤ᠂ ᠶᠡᠭᠡ ᠬᠡᠮᠵᠢᠶᠡᠨ ᠤ ᠠᠵᠢᠯ ᠬᠢᠵᠦ᠂ ᠡᠯ᠎ᠡ ᠵᠦᠢᠯ ᠤᠨ ᠠᠵᠢᠯ ᠤᠷᠤᠭᠰᠢᠲᠠᠢ ᠶᠠᠪᠤᠭᠳᠠᠵᠤ᠂ ᠨᠢᠭᠡᠨᠲᠡ ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠦᠴᠦᠲᠡᠢ ᠠᠬᠢᠭᠤᠯᠤᠭᠴᠢ ᠪᠣᠯᠵᠤ᠂ ᠠᠵᠢᠯ ᠲᠥᠷᠥᠯ ᠤᠨ ᠨᠥᠯᠥᠭᠡᠯᠡᠬᠦ ᠬᠦᠴᠦᠨ ᠢᠯᠡᠳᠲᠡ ᠳᠡᠭᠡᠭᠰᠢᠯᠡᠪᠡ᠃      ᠠᠶᠠᠨ ᠵᠠᠮ ᠠᠯᠤᠰ ᠬᠤᠯᠠ ᠴᠤ ᠲᠡᠮᠡᠴᠡᠳᠡᠭ ᠯᠡ ᠪᠤᠯ ᠬᠦᠷᠬᠦ ᠶᠤᠰᠤᠳᠠᠢ᠃ ᠢᠷᠡᠭᠡᠳᠦᠢ ᠶᠢᠨ ᠲᠠᠷᠢᠶᠠᠯᠠᠩ ᠤᠨ ᠵᠠᠮ ᠳᠡᠭᠡᠷ᠎ᠡ᠂ ᠵᠤᠤ ᠰᠦᠸᠧ ᡁᠢ ᠬᠤᠪᠢ ᠲᠠᠬᠢᠨ ᠴᠢᠷᠮᠠᠶᠢᠨ ᠰᠤᠷᠤᠯᠴᠠᠵᠤ᠂ ᠨᠠᠷᠢᠨ ᠬᠢᠨᠠᠮᠠᠭᠠᠢ ᠰᠣᠯᠢᠯᠴᠠᠵᠤ᠂ ᠡᠯ᠎ᠡ ᠲᠠᠯ᠎ᠠ ᠶᠢᠨ ᠲᠤᠷᠰᠢᠯᠭ᠎ᠠ ᠶᠢ ᠰᠢᠩᠭᠡᠬᠡᠨ ᠠᠪᠴᠤ᠂ ᠬᠤᠪᠢ ᠬᠥᠮᠥᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠰᠣᠶᠣᠯ ᠲᠠᠢ᠂ ᠮᠡᠷᠭᠡᠵᠢᠯ ᠲᠠᠢ᠂ ᠡᠵᠡᠩᠨᠡᠬᠦ ᠳᠡᠭᠡᠨ ᠴᠢᠳᠠᠮᠠᠭᠠᠢ᠂ ᠬᠠᠮᠢᠶᠠᠷᠴᠤ ᠴᠢᠳᠠᠳᠠᠭ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠪᠣᠯᠬᠤ ᠪᠠᠷ ᠴᠢᠷᠮᠠᠶᠢᠵᠤ᠂ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠬᠤᠷᠰᠢᠶ᠎ᠠ᠂ ᠺᠣᠮᠫᠠᠨᠢ᠂ ᠨᠡᠶᠢᠭᠡᠮᠯᠢᠭ᠂ ᠬᠤᠯᠪᠣᠭᠠᠲᠤ ᠬᠤᠷᠰᠢᠶ᠎ᠠ ᠶᠢ ᠨᠡᠩ ᠰᠠᠶᠢᠨ ᠡᠵᠡᠩᠨᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠬᠤᠪᠢ ᠨᠡᠮᠡᠷᠢ ᠪᠠᠨ ᠡᠷᠭᠦᠭᠦ ᠨᠢ ᠵᠠᠶᠢᠯᠠᠰᠢ ᠦᠭᠡᠢ︕
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map