2023 ᠣᠨ ᠤ ᠤᠯᠤᠰ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠸᠢᠳᠢᠤ᠋ ᠳᠤ ᠨᠡᠶᠢᠲᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠦᠴᠦᠨ ᠦᠭᠡᠢ ᠪᠣᠯᠭᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/6/10
            ︵7 ᠳ᠋ᠤᠭᠠᠷ ᠵᠤᠷᠪᠤᠰ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ︶      2023 ᠣᠨ ᠳᠤ ᠤᠯᠤᠰ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠸᠢᠳᠢᠤ᠋ ᠳᠤ ᠨᠡᠶᠢᠲᠡᠯᠡᠭᠰᠡᠨ ᠠᠰᠠᠭᠤᠳᠠᠯ ᠤᠨ ᠲᠣᠳᠣᠷᠬᠠᠢ ᠬᠠᠭᠤᠳᠠᠰᠤ ᠶᠢᠨ 7 ᠳ᠋ᠤᠭᠠᠷ ᠵᠤᠷᠪᠤᠰ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠰᠢᠯᠭᠠᠨ ᠠᠪᠬᠤ ᠪᠠᠷ ᠳᠡᠮᠵᠢᠨ᠂ ᠲᠠᠰ ᠳᠠᠷᠠᠭᠠᠯᠠᠯ ᠶᠣᠰᠣᠭᠠᠷ ᠨᠣᠮᠧᠷ ᠢ ᠨᠢ ᠬᠦᠴᠦᠨ ᠦᠭᠡᠢ ᠪᠣᠯᠭᠠᠬᠤ ᠪᠠᠷ ᠲᠥᠯᠥᠪᠯᠡᠵᠦ ᠪᠣᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠰᠢᠯᠭᠠᠨ ᠠᠪᠴᠤ ᠨᠣᠮᠧᠷ ᠢ ᠬᠦᠴᠦᠨ ᠦᠭᠡᠢ ᠪᠣᠯᠭᠠᠬᠤ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠲᠣᠰ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠨᠡᠶᠢᠲᠡᠯᠡᠵᠦ ᠪᠠᠶᠢᠨ᠎ᠠ ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2025 ᠣᠨ ᠤ 6 ᠰᠠᠷ᠎ᠠ ᠶᠢᠨ 9 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ᠃      ᠬᠠᠷᠢᠯᠴᠠᠬᠤ ᠤᠲᠠᠰᠤ᠄ 0471-6652156      ᠰᠢᠤᠳᠠᠨ ᠢᠶᠠᠷ ᠶᠠᠪᠤᠭᠤᠯᠬᠤ ᠬᠠᠶ᠋ᠢᠭ᠄ ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ       ᠳᠠᠭᠠᠯᠳᠤᠭᠤᠯᠤᠯ᠄ 2023 ᠣᠨ ᠤ ᠤᠯᠤᠰ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠸᠢᠳᠢᠤ᠋ ᠳᠤ ᠨᠡᠶᠢᠲᠡᠯᠡᠭᠰᠡᠨ ᠠᠰᠠᠭᠤᠳᠠᠯ ᠤᠨ ᠲᠣᠳᠣᠷᠬᠠᠢ ᠬᠠᠭᠤᠳᠠᠰᠤ ᠶᠢᠨ 7 ᠳ᠋ᠤᠭᠠᠷ ᠵᠤᠷᠪᠤᠰ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ      ᠴᠡᠭᠴᠡᠯᠡᠨ ᠰᠠᠶᠢᠵᠢᠷᠠᠭᠤᠯᠬᠤ ᠡᠭᠦᠷᠭᠡ᠄ ᠬᠠᠩᠭᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠨ ᠲᠥᠷᠥᠯ ᠵᠦᠢᠯ ᠨᠢ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ ᠰᠢᠷᠣᠢ ᠳᠤ ᠣᠷᠣᠰᠢᠵᠤ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠮᠥᠨ ᠬᠦ ᠲᠣᠭᠲᠠᠭᠠᠯ ᠢ ᠵᠥᠷᠢᠴᠡᠨ ᠬᠠᠩᠭᠢᠨ ᠬᠤᠰᠢᠭᠤᠨ ᠤ ᠾᠧᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ 1 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠲᠥᠮᠥᠰᠥ ᠳᠠᠷᠢᠬᠤ ᠲᠥᠷᠥᠯ ᠵᠦᠢᠯ ᠢ ᠳᠠᠩᠰᠠᠯᠠᠭᠤᠯᠵᠠᠢ᠃      ᠬᠠᠷᠢᠭᠤᠴᠠᠯᠭᠠᠲᠤ ᠨᠢᠭᠡᠴᠡ᠄ ᠣᠷᠳᠣᠰ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ      ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠬᠠᠩᠭᠢᠨ ᠬᠤᠰᠢᠭᠤᠨ ᠤ ᠾᠧᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ 1 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠲᠥᠮᠥᠰᠥ ᠳᠠᠷᠢᠬᠤ ᠲᠥᠷᠥᠯ ᠵᠦᠢᠯ ᠤᠨ ︽ᠳᠠᠩᠰᠠᠯᠠᠭᠤᠯᠬᠤ ᠮᠡᠳᠡᠭᠳᠡᠯ ᠤᠨ ᠪᠢᠴᠢᠭ︾ ᠢ ᠬᠦᠴᠦᠨ ᠦᠭᠡᠢ ᠪᠣᠯᠭᠠᠵᠤ᠂ ᠲᠣᠭᠲᠠᠭᠠᠯ ᠠᠴᠠ ᠵᠥᠷᠢᠴᠡᠨ ᠬᠢᠨᠠᠨ ᠵᠦᠪᠰᠢᠶᠡᠷᠡᠭᠰᠡᠨ ᠦᠶᠯᠡ ᠠᠵᠢᠯᠯᠠᠭ᠎ᠠ ᠶᠢ ᠵᠠᠯᠠᠷᠠᠭᠤᠯᠪᠠ᠃      ᠪᠡᠶᠡᠯᠡᠭᠦᠯᠦᠭᠰᠡᠨ ᠪᠠᠶᠢᠳᠠᠯ᠄ ᠬᠠᠩᠭᠢᠨ ᠬᠤᠰᠢᠭᠤᠨ ᠤ ᠾᠧᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ 1 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠲᠥᠮᠥᠰᠥ ᠳᠠᠷᠢᠬᠤ ᠲᠥᠷᠥᠯ ᠵᠦᠢᠯ ᠤᠨ ︽ᠲᠥᠷᠥᠯ ᠵᠦᠢᠯ ᠢ ᠳᠠᠩᠰᠠᠯᠠᠭᠤᠯᠬᠤ ᠮᠡᠳᠡᠭᠳᠡᠯ ᠤᠨ ᠪᠢᠴᠢᠭ︾ ᠢ ᠨᠢᠭᠡᠨᠲᠡ ᠬᠦᠴᠦᠨ ᠦᠭᠡᠢ ᠪᠣᠯᠭᠠᠪᠠ᠃                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                             2025 ᠣᠨ ᠤ 6 ᠰᠠᠷ᠎ᠠ ᠶᠢᠨ 9 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map