ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠬᠤ ᠲᠤᠰᠬᠠᠢ ᠮᠡᠷᠭᠡᠵᠢᠯᠲᠡᠨ ᠢ ᠡᠯᠰᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/6/10
ᠡᠯ᠎ᠡ ᠬᠠᠮᠢᠶ᠎ᠠ ᠪᠦᠬᠦᠢ ᠨᠢᠭᠡᠴᠡ ᠳᠤ᠄      ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠵᠢᠴᠢ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯᠲᠡᠨ ᠤ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠥᠷᠨᠢᠭᠦᠯᠬᠦ ᠶᠢᠨ ᠲᠤᠰᠠᠳᠠ᠂ ᠪᠥᠬᠦ ᠨᠡᠶᠢᠭᠡᠮ ᠠᠴᠠ ᠨᠢᠭᠡ ᠪᠦᠯᠦᠭ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠢ ᠢᠯᠡ ᠪᠠᠷ ᠡᠯᠰᠡᠬᠦ ᠪᠠᠷ ᠲᠤᠭᠳᠠᠪᠠ᠃ ᠬᠠᠮᠢᠶ᠎ᠠ ᠪᠦᠬᠦᠢ ᠨᠢᠭᠡᠴᠡ ᠨᠦᠭᠦᠳ ᠲᠣᠰ ᠨᠢᠭᠡᠴᠡ ᠪᠤᠶᠤ ᠲᠣᠰ ᠰᠢᠰᠲ᠋ᠧᠮ ᠤᠨ ᠢᠶᠠᠨ ᠨᠥᠬᠦᠴᠡᠯ ᠳᠤ ᠨᠡᠶᠢᠴᠡᠬᠦ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠢᠳᠡᠪᠬᠢᠲᠡᠢ ᠭᠤᠶᠤᠴᠢᠯᠠᠨ ᠮᠡᠳᠡᠭᠦᠯᠦᠭᠡᠷᠡᠢ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠲᠤᠰᠬᠠᠢ ᠮᠡᠷᠭᠡᠵᠢᠯᠲᠡᠨ ᠤ ᠠᠵᠢᠯ ᠤᠨ ᠡᠭᠦᠷᠭᠡ ᠬᠠᠷᠢᠭᠤᠴᠠᠯᠭ᠎ᠠ      ︵ᠨᠢᠭᠡ︶ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠳᠤ ᠬᠡᠷᠡᠭᠵᠢᠭᠦᠯᠬᠦ ᠨᠠᠷᠢᠨ ᠳᠦᠷᠢᠮ᠂ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠮᠡᠷᠭᠡᠵᠢᠯ ᠤᠨ ᠳᠦᠷᠢᠮ ᠵᠡᠷᠭᠡ ᠶᠢ ᠲᠣᠭᠲᠠᠭᠠᠬᠤ ᠳᠤ ᠣᠷᠣᠯᠴᠠᠵᠤ᠂ ᠮᠤᠵᠢ ᠶᠢᠨ ᠱᠠᠲᠤᠨ ᠤ ᠲᠠᠰ ᠤᠨ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠳᠦᠷᠢᠮ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠳᠤ ᠰᠢᠢᠳᠪᠦᠷᠢᠲᠦ ᠪᠣᠳᠣᠯᠭ᠎ᠠ ᠶᠢᠨ ᠯᠠᠪᠯᠠᠭ᠎ᠠ ᠶᠢᠨ ᠦᠢᠯᠡᠴᠢᠯᠡᠭᠡ ᠬᠠᠩᠭᠠᠨ᠎ᠠ᠃       ︵ᠬᠤᠶᠠᠷ︶ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠬᠤᠰᠢᠭᠤ ᠰᠢᠶᠠᠨ ᠤ ᠠᠩᠬᠠᠨ ᠤ ᠰᠢᠯᠭᠠᠯᠲᠠ᠂ ᠠᠶᠢᠮᠠᠭ ᠬᠤᠲᠠ ᠶᠢᠨ ᠰᠢᠯᠭᠠᠨ ᠠᠪᠬᠤ᠂ ᠥᠪᠡᠷᠲᠡᠭᠡᠨ ᠵᠠᠰᠠᠬᠤ ᠣᠷᠣᠨ ᠤ ᠳᠠᠬᠢᠨ ᠬᠢᠨᠠᠬᠤ ᠳᠤᠮᠳᠠᠬᠢ ᠲᠤᠬᠠᠢ ᠶᠢᠨ ᠲᠠᠯᠠᠪᠤᠷ ᠲᠤ ᠬᠠᠶᠢᠨ ᠰᠢᠨᠵᠢᠬᠦ᠂ ᠶᠠᠰᠤ ᠴᠢᠨᠠᠷ ᠢ ᠦᠨᠡᠯᠡᠬᠦ ᠪᠠ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠵᠡᠷᠭᠡ ᠠᠵᠢᠯ ᠢ ᠡᠭᠦᠷᠭᠡᠯᠡᠨ᠎ᠡ᠃       ︵ᠭᠤᠷᠪᠠ︶ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ᠂ ᠮᠡᠷᠭᠡᠵᠢᠯ ᠤᠨ ᠪᠣᠯᠪᠠᠰᠤᠷᠠᠯ ᠬᠢᠬᠦ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠳᠤ ᠣᠷᠣᠯᠴᠠᠨ᠎ᠠ᠃       ︵ᠳᠥᠷᠪᠡ︶ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃       ᠬᠤᠶᠠᠷ᠂ ᠲᠤᠰᠬᠠᠢ ᠮᠡᠷᠭᠡᠵᠢᠯᠲᠡᠨ ᠤ ᠲᠠᠨᠢᠯᠴᠠᠭᠤᠯᠬᠤ ᠨᠥᠬᠦᠴᠡᠯ      ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠰᠠᠶᠢᠨ ᠰᠠᠶᠢᠬᠠᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠲᠠᠢ ᠪᠠᠶᠢᠵᠤ᠂ ᠵᠠᠷᠴᠢᠮ ᠢ ᠪᠠᠷᠢᠮᠲᠠᠯᠠᠨ᠂ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠲᠥᠪ ᠭᠤᠣᠯᠴᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠡᠷᠡᠭᠲᠡᠢ᠃       ︵ᠬᠤᠶᠠᠷ︶ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠬᠤᠢ ᠪᠠᠶᠢᠳᠠᠯ ︵ᠬᠥᠷᠥᠰᠥ ᠰᠢᠷᠣᠢ ᠶᠢᠨ ᠤᠬᠠᠭᠠᠨ᠂ ᠠᠮᠢ ᠠᠬᠤᠢ ᠶᠢᠨ ᠤᠬᠠᠭᠠᠨ᠂ ᠤᠷᠭᠤᠮᠠᠯ ᠤᠨ ᠰᠢᠮ᠎ᠡ ᠲᠡᠵᠢᠭᠡᠯ ᠤᠨ ᠤᠬᠠᠭᠠᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ᠂ ᠭᠠᠵᠠᠷ ᠰᠢᠷᠣᠢ ᠶᠢ ᠴᠡᠭᠴᠡᠯᠡᠨ ᠵᠠᠰᠠᠬᠤ ᠢᠨᠵᠧᠨᠧᠷᠢᠩ᠂ ᠲᠠᠷᠢᠶᠠᠯᠠᠩ ᠤᠨ ᠡᠬᠢ ᠪᠠᠶᠠᠯᠢᠭ ᠬᠢᠭᠡᠳ ᠣᠷᠴᠢᠨ ᠲᠣᠭᠤᠷᠢᠨ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ᠂ ᠭᠠᠵᠠᠷ ᠵᠦᠢ ᠶᠢᠨ ᠰᠢᠨᠵᠢᠯᠡᠬᠦ ᠤᠬᠠᠭᠠᠨ᠂ ᠣᠷᠴᠢᠨ ᠲᠣᠭᠤᠷᠢᠨ ᠤ ᠢᠨᠵᠧᠨᠧᠷᠢᠩ᠂ ᠵᠠᠳᠠᠯᠤᠯᠲᠠ ᠶᠢᠨ ᠬᠢᠮᠢ ᠤᠨ ᠤᠬᠠᠭᠠᠨ ᠵᠡᠷᠭᠡ︶ ᠢ ᠪᠦᠷᠢᠳᠦᠭᠦᠯᠦᠭᠰᠡᠨ ᠮᠥᠷᠲᠡᠭᠡᠨ ᠲᠣᠰ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠳᠤ 5 ᠵᠢᠯ ᠠᠴᠠ ᠳᠡᠭᠡᠭᠰᠢ ︵ᠪᠠᠭᠲᠠᠨ᠎ᠠ︶ ᠠᠴᠠ ᠳᠡᠭᠡᠭᠰᠢ ᠵᠠᠯᠭᠠᠪᠠᠷ ᠠᠵᠢᠯᠯᠠᠵᠤ᠂ ᠳᠡᠭᠡᠳᠦ ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ᠪᠠᠶᠢᠬᠤ ᠬᠡᠷᠡᠭᠲᠡᠢ᠃       ︵ᠭᠤᠷᠪᠠ︶ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠮᠡᠷᠭᠡᠵᠢᠯ ᠤᠨ ᠪᠠᠷᠢᠮᠵᠢᠶ᠎ᠠ ᠶᠢ ᠰᠠᠶᠢᠨ ᠮᠡᠳᠡᠵᠦ᠂ ᠱᠠᠭᠠᠷᠳᠠᠯᠭ᠎ᠠ ᠶᠣᠰᠣᠭᠠᠷ ᠬᠢᠨᠠᠨ ᠲᠣᠭᠲᠠᠭᠠᠬᠤ᠂ ᠠᠰᠠᠭᠤᠨ ᠯᠠᠪᠯᠠᠬᠤ᠂ ᠪᠠᠶᠢᠴᠠᠭᠠᠬᠤ᠂ ᠰᠢᠯᠭᠠᠨ ᠠᠪᠬᠤ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠬᠠᠮᠢᠶ᠎ᠠ ᠪᠦᠬᠦᠢ ᠠᠵᠢᠯ ᠳᠤ ᠣᠷᠣᠯᠴᠠᠬᠤ ᠴᠠᠭ ᠪᠠ ᠣᠶᠤᠨ ᠴᠢᠳᠠᠯ ᠲᠠᠢ ᠪᠠᠶᠢᠬᠤ ᠬᠡᠷᠡᠭᠲᠡᠢ᠃        ︵ᠳᠥᠷᠪᠡ︶ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠦᠭᠡᠢ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ ᠪᠣᠯᠵᠤ ᠵᠠᠰᠠᠭ ᠵᠠᠬᠢᠷᠭᠠᠨ ᠤ ᠰᠢᠢᠳᠬᠡᠯ ᠣᠯᠣᠭᠰᠠᠨ ᠦᠭᠡᠢ︔ ᠤᠯᠤᠰ ᠤᠨ ᠡᠯ᠎ᠡ ᠰᠠᠯᠠᠭ᠎ᠠ ᠮᠥᠴᠢᠷ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠯᠲᠠ ᠰᠢᠯᠭᠠᠷᠠᠭᠤᠯᠬᠤ ︵ᠬᠢᠨᠠᠨ ᠲᠣᠭᠲᠠᠭᠠᠬᠤ︶ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠨᠡᠷ᠎ᠡ ᠶᠢ ᠨᠢ ᠬᠠᠰᠤᠭᠰᠠᠨ ᠦᠭᠡᠢ᠂ ᠤᠷᠢᠬᠤ ᠪᠠᠨ ᠪᠣᠯᠢᠭᠰᠠᠨ ᠪᠤᠶᠤ ᠢᠯᠭᠠᠷᠠᠭᠤᠯᠤᠨ ᠪᠤᠴᠠᠭᠠᠭᠰᠠᠨ ᠦᠭᠡᠢ︔ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠤᠶᠤ ᠡᠷᠳᠡᠮ ᠰᠢᠨᠵᠢᠯᠡᠭᠡᠨ ᠤ ᠪᠠᠶᠢᠭᠤᠯᠤᠮᠵᠢ ᠳᠤ ᠲᠤᠰᠢᠶᠠᠯ ᠡᠭᠦᠷᠭᠡᠯᠡᠵᠦ ᠪᠠᠶᠢᠬᠤ ᠬᠤᠭᠤᠴᠠᠭᠠᠨ ᠳᠠᠭᠠᠨ ᠰᠠᠬᠢᠯᠭ᠎ᠠ ᠪᠠᠲᠤ ᠳᠦᠷᠢᠮ ᠲᠣᠭᠲᠠᠭᠠᠯ ᠢ ᠵᠥᠷᠢᠴᠡᠭᠰᠡᠨ ᠠᠴᠠ ᠪᠣᠯᠵᠤ ᠨᠠᠮ ᠤᠨ ᠰᠠᠬᠢᠯᠭ᠎ᠠ ᠪᠠᠲᠤ᠂ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ︵ᠵᠢᠱᠢᠶᠡᠯᠡᠪᠡᠯ ᠣᠰᠣᠯ ᠲᠡᠮᠳᠡᠭᠯᠡᠬᠦ᠂ ᠲᠠᠰ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠵᠡᠷᠭᠡ︶ ᠣᠯᠣᠭᠰᠠᠨ ᠦᠭᠡᠢ︔ ᠡᠷᠳᠡᠮ ᠰᠢᠨᠵᠢᠯᠡᠭᠡᠨ ᠤ ᠬᠦᠷᠢᠶᠡᠨ ᠳᠤ ᠡᠷᠳᠡᠮ ᠰᠢᠨᠵᠢᠯᠡᠭᠡᠨ ᠤ ᠲᠥᠪ ᠪᠤᠰᠤ ᠠᠵᠢᠯᠯᠠᠭ᠎ᠠ ︵ᠵᠢᠱᠢᠶᠡᠯᠡᠪᠡᠯ ᠬᠠᠭᠤᠯᠬᠤ᠂ ᠬᠠᠭᠤᠷᠮᠠᠭᠯᠠᠬᠤ᠂ ᠬᠤᠯᠠᠭᠠᠶᠢᠯᠠᠬᠤ ᠵᠡᠷᠭᠡ︶ ᠪᠠᠶᠢᠬᠤ ᠦᠭᠡᠢ︔ ᠢᠲᠡᠭᠡᠯ ᠠᠯᠳᠠᠭᠰᠠᠨ ᠭᠦᠢᠴᠡᠳᠬᠡᠭᠳᠡᠭᠴᠢ ᠳᠤ ᠵᠢᠭᠰᠠᠭᠠᠭᠳᠠᠭᠰᠠᠨ ᠦᠭᠡᠢ ᠪᠤᠶᠤ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠦᠭᠡᠢ ᠪᠠᠶᠢᠬᠤ ᠬᠡᠷᠡᠭᠲᠡᠢ᠃       ︵ᠲᠠᠪᠤ︶ ᠡᠩ ᠤᠨ ᠪᠠᠶᠢᠳᠠᠯ ᠳᠤ ᠪᠦᠬᠦᠯᠢ 65 ᠨᠠᠰᠤᠨ ᠠᠴᠠ ᠬᠡᠲᠦᠷᠡᠬᠦ ᠦᠭᠡᠢ᠂ ᠡᠷᠡᠭᠦᠯ ᠮᠡᠨᠳᠦ ᠶᠢᠨᠪᠠᠶᠢᠳᠠᠯ ᠨᠢ ᠰᠠᠶᠢᠨ ᠪᠠᠶᠢᠵᠤ᠂ ᠰᠢᠯᠭᠠᠨ ᠬᠤᠷᠢᠶᠠᠵᠤ ᠦᠨᠡᠯᠡᠬᠦ ᠠᠵᠢᠯ ᠳᠤ ᠬᠡᠪ ᠤᠨ ᠪᠠᠶᠢᠳᠠᠯ ᠢᠶᠠᠷ ᠣᠷᠣᠯᠴᠠᠬᠤ ᠶᠢ ᠪᠠᠲᠤᠯᠠᠵᠤ ᠳᠡᠶᠢᠯᠬᠦ ᠬᠡᠷᠡᠭᠲᠡᠢ᠃       ︵ᠵᠢᠷᠭᠤᠭ᠎ᠠ︶ ᠠᠯᠪᠠᠲᠠᠨ ᠪᠤᠰᠤ᠃       ᠭᠤᠷᠪᠠ᠂ ᠲᠠᠨᠢᠯᠴᠠᠭᠤᠯᠬᠤ ᠲᠠᠰ ᠳᠠᠷᠠᠭᠠᠯᠠᠯ ᠵᠢᠴᠢ ᠬᠠᠮᠢᠶᠠᠷᠤᠯᠲᠠ      ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠬᠤ ᠳᠤ ︽ᠬᠤᠪᠢ ᠬᠥᠮᠥᠨ ᠭᠤᠶᠤᠴᠢᠯᠠᠬᠤ᠂ ᠨᠢᠭᠡᠴᠡ ᠠᠴᠠ ᠲᠠᠨᠢᠯᠴᠠᠭᠤᠯᠬᠤ᠂ ᠠᠳᠠᠯᠢᠳᠬᠠᠨ ᠰᠣᠩᠭᠤᠵᠤ ᠲᠣᠭᠲᠠᠭᠠᠬᠤ᠂ ᠬᠥᠳᠡᠯᠦᠩᠭᠦᠢ ᠪᠠᠷ ᠬᠠᠮᠢᠶᠠᠷᠬᠤ︾ ᠵᠠᠷᠴᠢᠮ ᠶᠣᠰᠣᠭᠠᠷ ᠥᠷᠨᠢᠭᠦᠯᠦᠨ᠎ᠡ᠃       ︵ᠨᠢᠭᠡ︶ ᠨᠥᠬᠦᠴᠡᠯ ᠳᠤ ᠨᠡᠶᠢᠴᠡᠬᠦ ᠮᠥᠷᠲᠡᠭᠡᠨ ᠣᠷᠣᠯᠴᠠᠬᠤ ᠰᠠᠨᠠᠭ᠎ᠠ ᠲᠠᠢ ᠲᠤᠰᠬᠠᠢ ᠮᠡᠷᠭᠡᠵᠢᠯᠲᠡᠨ ᠪᠦᠬᠦᠨ ᠴᠥᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠮᠤᠵᠢ ᠶᠢᠨ ᠳᠡᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠬᠤ ᠪᠠᠷ ᠨᠡᠷ᠎ᠡ ᠮᠡᠳᠡᠭᠦᠯᠦᠨ ᠭᠤᠶᠤᠴᠢᠯᠠᠵᠤ ᠪᠣᠯᠬᠤ ᠪᠥᠭᠡᠳ ︽ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠥᠮᠥᠷᠭᠡ  ᠳᠤ ᠣᠷᠣᠭᠤᠯᠬᠤ ᠲᠤᠰᠬᠠᠢ ᠮᠡᠷᠭᠡᠵᠢᠯᠲᠡᠨ ᠤ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 1︶ ᠶᠢ ᠦᠨᠡᠨ ᠮᠥᠨ ᠢᠶᠠᠷ ᠲᠠᠭᠯᠠᠨ ᠮᠡᠳᠡᠭᠦᠯᠵᠦ᠂ ᠪᠠᠶᠢᠭ᠎ᠠ ᠨᠢᠭᠡᠴᠡ ᠳᠡᠭᠡᠨ ᠲᠤᠰᠢᠶᠠᠨ᠎ᠠ᠃       ︵ᠬᠤᠶᠠᠷ︶ ᠡᠯ᠎ᠡ ᠨᠢᠭᠡᠴᠡ ᠶᠢᠨ ᠬᠢᠨ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠨᠥᠬᠦᠴᠡᠯ ᠲᠠᠢ ᠬᠠᠷᠢᠴᠠᠭᠤᠯᠤᠨ᠂ ᠲᠤᠰ ᠨᠢᠭᠡᠴᠡ ᠶᠢᠨ ᠲᠤᠰᠬᠠᠢ ᠮᠡᠷᠭᠡᠵᠢᠯᠲᠡᠨ ᠤ ᠲᠤᠰᠢᠶᠠᠭᠰᠠᠨ ︽ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠬᠤ ᠲᠤᠰᠬᠠᠢ ᠮᠡᠷᠭᠡᠵᠢᠯᠲᠡᠨ ᠤ ᠭᠤᠶᠤᠴᠢᠯᠠᠯ ᠤᠨ ᠬᠦᠰᠦᠨᠦᠭᠲᠦ︾ ᠶᠢ ᠬᠢᠨᠠᠨ ᠬᠠᠷᠭᠤᠭᠤᠯᠵᠤ᠂ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠶᠢᠨ ᠬᠠᠮᠲᠤ᠂ ︽ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠬᠤ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠬᠤᠷᠢᠶᠠᠩᠭᠤᠢ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠨ ᠪᠢᠴᠢᠬᠦ ᠶᠢᠨ ᠬᠠᠮᠲᠤ 6 ᠰᠠᠷ᠎ᠠ ᠶᠢᠨ 20 ᠤ ᠡᠳᠦᠷ ᠠᠴᠠ ᠡᠮᠦᠨ᠎ᠡ ᠳᠠᠭᠠᠯᠳᠤᠭᠤᠯᠤᠯ 1᠂ ᠳᠠᠭᠠᠯᠳᠤᠭᠤᠯᠤᠯ 2 ︵ᠲᠠᠮᠠᠭ᠎ᠠ ᠲᠠᠢ ᠡᠯᠧᠺᠲᠷᠣᠨ ᠬᠡᠪᠯᠡᠯ ᠵᠢᠴᠢ word ᠬᠡᠪᠯᠡᠯ︶ ᠢᠬᠠᠮᠲᠤ ᠳᠤᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠬᠦ ᠬᠡᠷᠡᠭᠲᠡᠢ᠃       ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠬᠠᠮᠢᠶ᠎ᠠ ᠪᠦᠬᠦᠢ ᠨᠢᠭᠡᠴᠡ ᠠᠴᠠ ᠲᠤᠰᠬᠠᠢ ᠮᠡᠷᠭᠡᠵᠢᠯᠲᠡᠨ ᠰᠣᠩᠭᠤᠵᠤ᠂ ᠠᠳᠠᠯᠢᠳᠬᠠᠨ ᠰᠣᠩᠭᠤᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠡᠯ᠎ᠡ ᠨᠢᠭᠡᠴᠡ ᠶᠢᠨ ᠲᠠᠨᠢᠯᠴᠠᠭᠤᠯᠤᠭᠰᠠᠨ ᠲᠤᠰᠬᠠᠢ ᠮᠡᠷᠭᠡᠵᠢᠯᠲᠡᠨ ᠢ ᠨᠠᠷᠢᠨ ᠬᠢᠨᠠᠮᠠᠭᠠᠢ ᠠᠳᠠᠯᠢᠳᠬᠠᠨ ᠰᠣᠩᠭᠤᠬᠤ ︵ᠠᠳᠠᠯᠢᠳᠬᠠᠨ ᠰᠣᠩᠭᠤᠬᠤ ᠳᠦᠷᠢᠮ ᠵᠢᠴᠢ ᠬᠥᠮᠥᠷᠭᠡ ᠳᠤ ᠣᠷᠣᠭᠤᠯᠬᠤ ᠣᠷᠣᠨ ᠲᠤᠭ᠎ᠠ ᠶᠢ ᠠᠳᠠᠯᠢᠳᠬᠠᠨ ᠰᠣᠩᠭᠤᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠨᠡᠷ᠎ᠡ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ ᠠᠰ ᠲᠤᠨᠢ ᠲᠣᠭᠲᠠᠭᠠᠨ᠎ᠠ︶᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠤ ᠠᠩᠬᠠᠨ ᠤ ᠨᠡᠷᠡᠰ ᠢ ᠳᠤᠷᠠᠳᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠦᠯᠵᠢᠶᠡᠨ ᠥᠷᠲᠡᠭᠡ ᠳᠤ 5 ᠡᠳᠦᠷ ᠢᠯᠡ ᠨᠡᠶᠢᠲᠡᠯᠡᠵᠦ᠂ ᠢᠯᠡ ᠨᠡᠶᠢᠲᠡᠯᠡᠵᠦ ᠳᠠᠭᠤᠰᠤᠭᠰᠠᠨ ᠤ ᠳᠠᠷᠠᠭ᠎ᠠ᠂ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠤ ᠡᠴᠦᠰ ᠤᠨ ᠨᠡᠷᠡᠰ ᠢ ᠲᠣᠭᠲᠠᠭᠠᠬᠤ ᠶᠢᠨ ᠬᠠᠮᠲᠤ ᠠᠯᠪᠠᠨ ᠪᠢᠴᠢᠭ ᠢᠶᠠᠷ ᠨᠡᠶᠢᠲᠡᠯᠡᠨ᠎ᠡ᠃       ︵ᠳᠥᠷᠪᠡ︶ ᠨᠥᠬᠦᠪᠦᠷᠢ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠨ ᠬᠠᠷᠢᠭᠤᠴᠠᠯᠭ᠎ᠠ ᠨᠡᠬᠡᠮᠵᠢᠯᠡᠭᠰᠡᠨ᠂ ᠲᠠᠷᠢᠶᠠᠨ ᠭᠠᠵᠠᠷ ᠤᠨ ᠶᠠᠰᠤ ᠴᠢᠨᠠᠷ ᠢ ᠨᠥᠬᠦᠪᠦᠷᠢᠯᠡᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠪᠡᠶ᠎ᠡ ᠮᠠᠬᠠᠪᠤᠳ ᠤᠨ ᠰᠢᠯᠲᠠᠭᠠᠨ ᠠᠴᠠ ᠪᠣᠯᠵᠤ ᠲᠤᠰᠢᠶᠠᠯ ᠢᠶᠠᠨ ᠭᠦᠢᠴᠡᠳᠬᠡᠵᠦ ᠳᠡᠶᠢᠯᠬᠦ ᠦᠭᠡᠢ ᠪᠣᠯᠤᠭᠰᠠᠨ᠂ ᠰᠠᠨᠠᠭᠠᠴᠢᠯᠠᠭ᠎ᠠ ᠠᠴᠠ ᠪᠠᠨ ᠤᠬᠤᠷᠢᠨ ᠭᠠᠷᠤᠭᠰᠠᠨ ᠵᠡᠷᠭᠡ ᠰᠢᠯᠲᠠᠭᠠᠨ ᠪᠠ ᠪᠤᠰᠤᠳ ᠰᠢᠯᠲᠠᠭᠠᠨ ᠠᠴᠠ ᠪᠣᠯᠵᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠲᠤᠰᠢᠶᠠᠯ ᠢ ᠦᠷᠭᠦᠯᠵᠢᠯᠡᠨ ᠡᠭᠦᠷᠭᠡᠯᠡᠬᠦ ᠳᠤ ᠲᠣᠬᠢᠷᠠᠮᠵᠢ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠢᠷᠢ ᠬᠡᠮ ᠢ ᠬᠦᠴᠦᠨ ᠦᠭᠡᠢ ᠪᠣᠯᠭᠠᠬᠤ ᠶᠢᠨ ᠬᠠᠮᠲᠤ ᠨᠥᠬᠦᠴᠡᠯ ᠳᠤ ᠨᠡᠶᠢᠴᠡᠬᠦ ᠪᠤᠰᠤᠳ ᠲᠤᠰᠬᠠᠢ ᠮᠡᠷᠭᠡᠵᠢᠯᠲᠡᠨ ᠢ ᠴᠠᠭ ᠲᠤᠨᠢ ᠲᠣᠬᠢᠷᠠᠭᠤᠯᠤᠨ ᠨᠥᠬᠦᠪᠦᠷᠢᠯᠡᠵᠦ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠤᠨ᠎ᠠ᠃       ᠬᠠᠷᠢᠯᠴᠠᠬᠤ ᠬᠥᠮᠥᠨ᠄ ᠦ᠋ ᠶᠠᠨ      ᠬᠠᠷᠢᠯᠴᠠᠬᠤ ᠤᠲᠠᠰᠤ᠄ 18648128238      ᠢᠮᠧᠯ᠄ nmggdjc@163.com      ᠳᠠᠭᠠᠯᠳᠤᠭᠤᠯᠤᠯ 1      ᠳᠠᠭᠠᠯᠳᠤᠭᠤᠯᠤᠯ 2                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                             ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                                 2025 ᠣᠨ ᠤ 6 ᠰᠠᠷ᠎ᠠ ᠶᠢᠨ 6 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map