ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ 2025 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠮᠡᠷᠭᠡᠵᠢᠯ ᠤᠨ ᠴᠣᠯᠠ ᠮᠡᠳᠡᠭᠦᠯᠦᠨ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/6/9
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠡ ᠳᠤ᠄       ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2025 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2025﹈ 87 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2025 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠠᠷ ᠮᠡᠳᠡᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠰᠢᠯᠭᠠᠷᠠᠭᠤᠯᠤᠯᠲᠠ ᠳᠤ ᠣᠷᠣᠯᠴᠠᠬᠤ ᠬᠥᠮᠥᠰ ᠤᠨ ᠬᠡᠪᠴᠢᠶ᠎ᠡ      ᠪᠦᠬᠦ ᠣᠷᠣᠨ ᠤ ᠡᠯ᠎ᠡ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠠᠬᠢ ᠲᠠᠷᠢᠶᠠᠯᠠᠩ ᠤᠨ ᠤᠬᠠᠭᠠᠨ᠂ ᠴᠡᠴᠡᠷᠯᠢᠭ ᠤᠨ ᠮᠡᠷᠭᠡᠵᠢᠯ᠂ ᠤᠷᠭᠤᠮᠠᠯ ᠤᠨ ᠬᠠᠮᠠᠭᠠᠯᠠᠯᠲᠠ᠂ ᠮᠠᠯ ᠠᠵᠤ ᠠᠬᠤᠢ᠂ ᠨᠤᠲᠤᠭ ᠪᠡᠯᠴᠢᠭᠡᠷ᠂ ᠮᠠᠯ ᠡᠮᠨᠡᠯᠭᠡ ᠶᠢᠨ ᠦᠢᠯᠡᠰ᠂ ᠤᠰᠤᠨ ᠭᠠᠷᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠣᠷᠴᠢᠨ ᠲᠣᠭᠤᠷᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ ᠪᠠ ᠶᠠᠰᠤ ᠴᠢᠨᠠᠷ ᠤᠨ ᠠᠮᠤᠷ ᠲᠦᠪᠰᠢᠨ᠂ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠳᠡᠯᠭᠡᠷᠡᠭᠦᠯᠦᠯᠲᠡ᠂ ᠮᠡᠷᠭᠡᠵᠢᠯ ᠤᠨ ᠪᠤᠰᠤ ᠳᠡᠯᠭᠡᠷᠡᠭᠦᠯᠦᠯᠲᠡ ᠵᠡᠷᠭᠡ ᠠᠵᠢᠯ ᠤᠨ ᠪᠠᠶᠢᠷᠢ ᠳᠤ ᠪᠠᠶᠢᠭ᠎ᠠ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠨ᠂ ᠡᠭᠦᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2025﹈ 16 ᠳ᠋ᠤᠭᠠᠷ ᠲᠣᠭᠠᠲᠤ︶ ᠤᠨ ᠭᠤᠷᠪᠠᠳᠤᠭᠠᠷ ᠪᠦᠯᠦᠭ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃       ᠬᠤᠶᠠᠷ᠂ ᠮᠡᠳᠡᠭᠦᠯᠬᠦ ᠲᠠᠰ ᠳᠠᠷᠠᠭᠠᠯᠠᠯ ᠤᠨ ᠱᠠᠭᠠᠷᠳᠠᠯᠭ᠎ᠠ      ᠭᠤᠶᠤᠴᠢᠯᠠᠭᠴᠢ ᠨᠢ ᠬᠠᠷᠢᠶᠠᠯᠠᠭᠳᠠᠬᠤ ᠬᠠᠷᠢᠴᠠᠭ᠎ᠠ ᠪᠠ ᠲᠣᠭᠲᠠᠭᠠᠭᠰᠠᠨ ᠲᠠᠰ ᠳᠠᠷᠠᠭᠠᠯᠠᠯ ᠤᠨ ᠶᠣᠰᠣᠭᠠᠷ ᠮᠠᠲ᠋ᠧᠷᠢᠶᠠᠯ ᠢᠶᠠᠨ ᠰᠢᠯᠭᠠᠷᠠᠭᠤᠯᠬᠤ ᠵᠥᠪᠯᠡᠯ ᠤᠨ ᠬᠡᠷᠡᠭ ᠡᠷᠭᠢᠯᠡᠬᠦ ᠪᠠᠶᠢᠭᠤᠯᠤᠮᠵᠢ ᠳᠤ ᠱᠠᠲᠤ ᠳᠠᠷᠠᠭᠠᠯᠠᠨ ᠮᠡᠳᠡᠭᠦᠯᠦᠨ ᠬᠦᠷᠭᠡᠵᠦ᠂ ᠠᠳᠠᠯᠢ ᠨᠢᠭᠡ ᠵᠢᠯ ᠳᠤ ᠨᠢᠭᠡ ᠲᠠᠰ ᠳᠠᠪᠬᠤᠷᠭ᠎ᠠ ᠳᠤ ᠵᠥᠪᠬᠡᠨ ᠨᠢᠭᠡ ᠰᠢᠷᠢᠰ ︵ᠲᠤᠰᠬᠠᠢ ᠮᠡᠷᠭᠡᠵᠢᠯ︶ ᠮᠡᠷᠭᠡᠵᠢᠯ ᠤᠨ ᠴᠣᠯᠠ ᠶᠢ ᠮᠡᠳᠡᠭᠦᠯᠵᠦ ᠪᠣᠯᠣᠨ᠎ᠠ᠃ ᠮᠡᠳᠡᠭᠦᠯᠬᠦ ᠨᠢᠭᠡᠴᠡ ᠠᠳᠠᠯᠢ ᠨᠢᠭᠡ ᠵᠢᠯ ᠳᠤ ᠵᠥᠪᠬᠡᠨ ᠨᠢᠭᠡ ᠯᠡ ᠮᠡᠳᠡᠭᠦᠯᠬᠦ ᠠᠷᠭ᠎ᠠ ᠵᠠᠮ ᠢᠶᠠᠷ ᠳᠠᠮᠵᠢᠭᠤᠯᠤᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠮᠡᠳᠡᠭᠦᠯᠦᠨ᠎ᠡ᠂ ᠣᠯᠠᠨ ᠲᠠᠯ᠎ᠠ ᠠᠴᠠ ᠮᠡᠳᠡᠭᠦᠯᠵᠦ ᠪᠣᠯᠬᠤ ᠦᠭᠡᠢ᠃ 2025 ᠣᠨ ᠳᠤ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠰᠢᠯᠭᠠᠷᠠᠭᠤᠯᠬᠤ ᠶᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠶᠢ ᠲᠤᠷᠰᠢᠨ ᠬᠡᠷᠡᠭᠵᠢᠭᠦᠯᠬᠦ ᠳᠤ᠂ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄       ︵ᠨᠢᠭᠡ︶ ᠰᠦᠯᠵᠢᠶᠡᠨ ᠳᠡᠭᠡᠷ᠎ᠡ ᠳᠠᠩᠰᠠᠯᠠᠭᠤᠯᠤᠨ ᠮᠡᠳᠡᠭᠦᠯᠬᠦ      1. ᠭᠤᠶᠤᠴᠢᠯᠠᠭᠴᠢ ᠨᠢ ᠡᠷᠬᠡᠪᠰᠢ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵ᠰᠦᠯᠵᠢᠶᠡᠨ ᠤ ᠬᠠᠶ᠋ᠢᠭ᠄ www.nmgrck.cn︶ ᠳᠤ ᠬᠦᠷᠴᠦ᠂ ᠰᠦᠯᠵᠢᠶᠡᠨ ᠳᠡᠭᠡᠷ᠎ᠡ ᠳᠠᠩᠰᠠᠯᠠᠬᠤ ᠶᠢᠨ ᠬᠠᠮᠲᠤ ᠲᠡᠮᠳᠡᠭᠯᠡᠵᠦ᠂ ᠬᠤᠪᠢ ᠬᠥᠮᠥᠨ ᠤ ᠦᠨᠳᠦᠰᠦᠨ ᠮᠡᠳᠡᠭᠡ ᠵᠠᠩᠭᠢ ᠪᠠᠨ ᠲᠡᠭᠦᠯᠳᠡᠷᠵᠢᠭᠦᠯᠵᠦ᠂ ᠠᠵᠢᠯ ᠤᠨ ᠪᠦᠲᠦᠮᠵᠢ ᠶᠢᠨ ᠲᠠᠩᠰᠠ ᠡᠪᠬᠡᠮᠡᠯ ᠳᠠᠬᠢ ᠰᠤᠷᠤᠯᠭ᠎ᠠ ᠶᠢᠨ ᠨᠠᠮᠲᠠᠷ᠂ ᠠᠵᠢᠯ ᠤᠨ ᠥᠩᠭᠡᠷᠡᠯᠲᠡ ᠵᠡᠷᠭᠡ ᠮᠡᠳᠡᠭᠡ ᠵᠠᠩᠭᠢ ᠪᠠᠨ ᠲᠠᠭᠯᠠᠨ ᠪᠢᠴᠢᠬᠦ ᠶᠢᠨ ᠬᠠᠮᠲᠤ ᠠᠵᠢᠯᠯᠠᠵᠤ ᠪᠠᠶᠢᠭ᠎ᠠ ᠪᠠᠶᠢᠭᠤᠯᠭ᠎ᠠ ᠠᠴᠠ ᠬᠢᠨᠠᠨ ᠬᠠᠷᠭᠤᠭᠤᠯᠵᠤ ᠪᠠᠲᠤᠯᠠᠨ᠎ᠠ᠃ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠢᠭᠡᠨᠲᠡ ᠳᠠᠩᠰᠠᠯᠠᠭᠤᠯᠤᠭᠰᠠᠨ ᠪᠥᠭᠡᠳ ᠲᠠᠭᠯᠠᠨ ᠪᠢᠴᠢᠭᠰᠡᠨ ᠭᠤᠶᠤᠴᠢᠯᠠᠭᠴᠢ  ᠨᠢ᠂ ᠲᠠᠭᠯᠠᠨ ᠪᠢᠴᠢᠭᠰᠡᠨ ᠮᠡᠳᠡᠭᠡ ᠵᠠᠩᠭᠢ ᠶᠢᠨ ᠵᠥᠪ ᠣᠨᠣᠪᠴᠢᠲᠠᠶ ᠡᠰᠡᠬᠦ ᠶᠢ ᠬᠢᠨᠠᠨ ᠬᠠᠷᠭᠤᠭᠤᠯᠬᠤ ᠴᠢᠬᠤᠯᠠᠲᠠᠢ᠃       2. ᠲᠤᠬᠠᠶᠢᠯᠠᠭᠰᠠᠨ ᠠᠵᠢᠯ ᠢ ᠭᠦᠢᠴᠡᠳᠬᠡᠬᠦ — 2025 ᠣᠨ ᠤ ᠮᠡᠷᠭᠡᠵᠢᠯ ᠤᠨ ᠴᠣᠯᠠ ᠮᠡᠳᠡᠭᠦᠯᠬᠦ ᠪᠤᠯᠤᠩ ᠳᠤ᠂ ᠮᠡᠳᠡᠭᠦᠯᠬᠦ ᠲᠥᠯᠥᠪᠯᠡᠭᠡ ᠶᠢ ᠰᠣᠩᠭᠤᠵᠤ᠂ ᠮᠡᠷᠭᠡᠵᠢᠯ ᠤᠨ ᠴᠣᠯᠠ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠶᠢ ᠪᠡᠶᠡᠯᠡᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠮᠡᠳᠡᠭᠦᠯᠬᠦ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠲᠤᠰᠢᠶᠠᠭᠰᠠᠨ ᠤ ᠳᠠᠷᠠᠭ᠎ᠠ ︽ᠲᠤᠰᠬᠠᠢ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠬᠦᠰᠦᠨᠦᠭᠲᠦ︾ ᠪᠠ ︽ᠲᠤᠰᠬᠠᠢ ᠮᠡᠷᠭᠡᠵᠢᠯ ᠤᠨ ᠴᠣᠯᠠ ᠶᠢᠨ ᠬᠦᠷᠭᠡᠨ ᠬᠢᠨᠠᠭᠤᠯᠬᠤ ᠬᠦᠰᠦᠨᠦᠭᠲᠦ︾ ᠶᠢ ᠪᠠᠭᠤᠯᠭᠠᠨ ᠠᠪᠤᠨ᠎ᠠ᠃ ︵ᠰᠦᠯᠵᠢᠶᠡᠨ ᠳᠡᠭᠡᠷᠡᠬᠢ ᠮᠡᠳᠡᠭᠦᠯᠬᠦ ᠠᠯᠬᠤᠮ ᠳᠠᠷᠠᠭ᠎ᠠ᠂ ᠵᠠᠭᠪᠤᠷ ᠤᠨ ᠲᠣᠳᠣᠷᠬᠠᠶᠢᠯᠠᠯᠲᠠ ᠶᠢ ᠲᠠᠭᠯᠠᠨ ᠪᠢᠴᠢᠬᠦ᠂ ᠮᠠᠲ᠋ᠧᠷᠢᠶᠠᠯ ᠢᠶᠠᠨ ᠲᠤᠰᠢᠶᠠᠬᠤ ᠱᠠᠭᠠᠷᠳᠠᠯᠭ᠎ᠠ ᠵᠡᠷᠭᠡ ᠶᠢ ᠰᠢᠰᠲ᠋ᠧᠮ ᠤᠨ ᠳᠣᠲᠣᠷᠠᠬᠢ ᠮᠡᠳᠡᠭᠦᠯᠬᠦ ᠠᠵᠢᠯᠯᠠᠭᠠᠨ ᠤ ᠵᠢᠭᠠᠯᠲᠠ ᠶᠢ ᠦᠵᠡᠭᠡᠷᠡᠢ︶᠃       ᠥᠪᠡᠷᠲᠡᠭᠡᠨ ᠵᠠᠰᠠᠬᠤ ᠣᠷᠣᠨ ᠤ ᠰᠠᠭᠠᠳ ᠦᠭᠡᠢ ᠨᠡᠪᠲᠡᠷᠡᠬᠦ ᠵᠠᠮ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠠᠷ ᠮᠡᠳᠡᠭᠦᠯᠬᠦ ᠳᠤ᠂ ᠬᠠᠷᠠᠭᠠᠯᠵᠠᠭᠰᠠᠨ ᠪᠤᠯᠤᠩ ᠳᠤ ᠣᠷᠣᠵᠤ ᠲᠠᠭᠯᠠᠨ ᠮᠡᠳᠡᠭᠦᠯᠬᠦ ᠬᠡᠷᠡᠭᠲᠡᠢ᠃       ︵ᠬᠤᠶᠠᠷ︶ ᠰᠦᠯᠵᠢᠶᠡᠨ ᠭᠠᠳᠠᠨ᠎ᠠ ᠲᠤᠰᠢᠶᠠᠬᠤ ᠮᠠᠲ᠋ᠧᠷᠢᠶᠠᠯ      ᠭᠤᠶᠤᠴᠢᠯᠠᠭᠴᠢ ᠰᠦᠯᠵᠢᠶᠡᠨ ᠳᠡᠭᠡᠷ᠎ᠡ ᠮᠡᠳᠡᠭᠦᠯᠦᠭᠰᠡᠨ ᠤ ᠳᠠᠷᠠᠭ᠎ᠠ᠂ ᠮᠥᠨ ᠲᠣᠭᠲᠠᠭᠠᠯ ᠶᠣᠰᠣᠭᠠᠷ ᠰᠦᠯᠵᠢᠶᠡᠨ ᠭᠠᠳᠠᠨ᠎ᠠ ᠮᠡᠳᠡᠭᠦᠯᠬᠦ ᠪᠦᠷᠢᠨ ᠪᠦᠲᠦᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠬᠤᠯᠪᠣᠭᠳᠠᠯ ᠪᠦᠬᠦᠢ ᠲᠠᠰ ᠳᠠᠷᠠᠭᠠᠯᠠᠯ᠂ ᠠᠷᠭ᠎ᠠ ᠵᠠᠮ ᠪᠠ ᠱᠠᠭᠠᠷᠳᠠᠯᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2025﹈ 16 ᠳ᠋ᠤᠭᠠᠷ ᠲᠣᠭᠠᠲᠤ︶ ᠤᠨ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃       ︵ᠭᠤᠷᠪᠠ︶ ᠬᠤᠯᠪᠣᠭᠳᠠᠯ ᠪᠦᠬᠦᠢ ᠱᠠᠭᠠᠷᠳᠠᠯᠭ᠎ᠠ      ᠭᠤᠶᠤᠴᠢᠯᠠᠭᠴᠢ ᠪᠣᠶ ᠪᠦᠬᠦᠢ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠠᠢ᠂ ᠣᠨᠣᠪᠴᠢᠲᠠᠶ᠂ ᠬᠦᠴᠦᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠮᠥᠷᠲᠡᠭᠡᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠲᠤᠰᠢᠶᠠᠭᠰᠠᠨ ᠮᠠᠲ᠋ᠧᠷᠢᠶᠠᠯ ︵ᠲᠠᠭᠯᠠᠭᠰᠠᠨ ᠮᠡᠳᠡᠭᠡ ᠵᠠᠩᠭᠢ᠂ ᠠᠵᠢᠯ ᠤᠨ ᠪᠦᠲᠦᠮᠵᠢ ᠵᠡᠷᠭᠡ︶  ᠨᠢ ᠠᠳᠠᠯᠢ ᠪᠠᠶᠢᠬᠤ ᠬᠡᠷᠡᠭᠲᠡᠢ᠃       ᠬᠢᠨᠠᠨ ᠬᠠᠷᠭᠤᠭᠤᠯᠬᠤ ᠶᠠᠪᠤᠴᠠ ᠳᠤ᠂ ᠮᠡᠳᠡᠭᠦᠯᠦᠭᠰᠡᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠰᠦᠯᠵᠢᠶᠡᠨ ᠳᠡᠭᠡᠷ᠎ᠡ᠂ ᠰᠦᠯᠵᠢᠶᠡᠨ ᠠᠴᠠ ᠭᠠᠳᠠᠨ᠎ᠠ ᠲᠤᠰᠢᠶᠠᠭᠰᠠᠨ ᠮᠠᠲ᠋ᠧᠷᠢᠶᠠᠯ ︵ᠮᠡᠳᠡᠭᠡ ᠵᠠᠩᠭᠢ᠂ ᠨᠡᠷᠡᠶᠢᠳᠦᠯ ᠵᠡᠷᠭᠡ︶  ᠨᠢ ᠠᠳᠠᠯᠢ ᠪᠤᠰᠤ ᠵᠡᠷᠭᠡ ᠠᠰᠠᠭᠤᠳᠠᠯ ᠢ ᠣᠯᠵᠤ ᠮᠡᠳᠡᠪᠡᠯ᠂ ᠮᠡᠳᠡᠭᠦᠯᠦᠭᠰᠡᠨ ᠮᠡᠳᠡᠭᠡ ᠵᠠᠩᠭᠢ ᠶᠢ ᠴᠥᠮ ᠲᠣᠰ ᠬᠥᠮᠥᠨ ᠤ ᠲᠠᠩᠰᠠᠨ ᠨᠣᠮᠧᠷ ᠲᠤ ᠪᠤᠴᠠᠭᠠᠵᠤ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠦᠭᠰᠡᠨ ᠤ ᠳᠠᠷᠠᠭ᠎ᠠ᠂ ᠳᠠᠭᠢᠵᠤ ᠭᠤᠶᠤᠴᠢᠯᠠᠨ ᠮᠡᠳᠡᠭᠦᠯᠬᠦ ᠪᠠᠷ ᠲᠤᠰᠢᠶᠠᠨ᠎ᠠ᠃ ᠳᠡᠭᠡᠷ᠎ᠡ ᠳᠤᠷᠠᠳᠤᠭᠰᠠᠨ ᠰᠢᠯᠲᠠᠭᠠᠨ ᠠᠴᠠ ᠪᠣᠯᠵᠤ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠠᠴᠠ ᠪᠣᠯᠵᠤ᠂ ᠮᠡᠷᠭᠡᠵᠢᠯ ᠤᠨ ᠴᠣᠯᠠ ᠬᠢᠨᠠᠨ ᠲᠣᠭᠲᠠᠭᠠᠯᠭᠠᠬᠤ ᠪᠠᠷ ᠲᠣᠭᠲᠠᠭᠰᠠᠨ ᠴᠠᠭ ᠬᠤᠭᠤᠴᠠᠭᠠᠨ ᠳᠤ ᠮᠡᠳᠡᠭᠦᠯᠵᠦ ᠳᠡᠶᠢᠯᠦᠭᠰᠡᠨ ᠦᠭᠡᠢ ᠪᠠᠶᠢᠪᠠᠯ ᠨᠥᠬᠦᠵᠦ ᠮᠡᠳᠡᠭᠦᠯᠵᠦ ᠪᠣᠯᠬᠤ ᠦᠭᠡᠢ᠃       ᠭᠤᠷᠪᠠ᠂ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ      ︵ᠨᠢᠭᠡ︶ ᠮᠡᠳᠡᠭᠦᠯᠬᠦ ᠮᠠᠲ᠋ᠧᠷᠢᠶᠠᠯ      ᠮᠡᠳᠡᠭᠦᠯᠬᠦ ᠮᠠᠲ᠋ᠧᠷᠢᠶᠠᠯ ᠢ ︽ᠲᠤᠰᠬᠠᠢ ᠮᠡᠷᠭᠡᠵᠢᠯ ᠤᠨ ᠴᠣᠯᠠ ᠶᠢᠨ ᠬᠦᠷᠭᠡᠵᠦ ᠬᠢᠨᠠᠭᠤᠯᠬᠤ ᠬᠦᠰᠦᠨᠦᠭᠲᠦ︾ ︵ᠨᠢᠭᠡ ᠬᠡᠯᠪᠡᠷᠢ ᠶᠢᠨ 15 ᠬᠤᠪᠢ︶᠂ ︽ᠲᠤᠰᠬᠠᠢ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠦᠰᠦᠨᠦᠭᠲᠦ︾ ︵ᠨᠢᠭᠡ ᠬᠡᠯᠪᠡᠷᠢ ᠶᠢᠨ 2 ᠬᠤᠪᠢ᠂ ᠳᠡᠪᠲᠡᠷᠯᠡᠵᠦ ᠪᠣᠯᠬᠤ ᠦᠭᠡᠢ︶ ᠶᠢ ᠲᠤᠰᠢᠶᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠢᠨᠠᠨ ᠬᠠᠷᠭᠤᠭᠤᠯᠵᠤ᠂ ᠭᠠᠷ ᠤᠨ ᠥᠰᠥᠭ ᠵᠢᠷᠤᠬᠤ ᠪᠠ ᠲᠠᠮᠠᠭ᠎ᠠ ᠳᠠᠷᠤᠬᠤ ᠬᠡᠷᠡᠭᠲᠡᠢ᠃ ᠬᠦᠰᠦᠨᠦᠭᠲᠦ ᠳᠤ ᠲᠠᠭᠯᠠᠭᠰᠠᠨ ᠠᠵᠢᠯ ᠤᠨ ᠪᠦᠲᠦᠮᠵᠢ ᠶᠢᠨ ᠦᠷ᠎ᠡ ᠪᠦᠲᠦᠭᠡᠯ᠂ ᠥᠭᠦᠯᠡᠯ ᠵᠡᠷᠭᠡ ᠳᠤ ᠭᠡᠷᠡᠴᠢᠯᠡᠬᠦ ᠮᠠᠲ᠋ᠧᠷᠢᠶᠠᠯ ᠪᠠᠶᠢᠬᠤ ᠬᠡᠷᠡᠭᠲᠡᠢ᠃       ︵ᠬᠤᠶᠠᠷ︶ ᠭᠡᠷᠡᠴᠢᠯᠡᠬᠦ ᠮᠠᠲ᠋ᠧᠷᠢᠶᠠᠯ      ᠭᠡᠷᠡᠴᠢᠯᠡᠬᠦ ᠮᠠᠲ᠋ᠧᠷᠢᠶᠠᠯ ᠨᠢ ᠴᠥᠮ ᠬᠠᠭᠤᠯᠪᠤᠷᠢ ᠮᠠᠲ᠋ᠧᠷᠢᠶᠠᠯ ᠪᠠᠶᠢᠬᠤ ᠬᠡᠷᠡᠭᠲᠡᠢ᠂ ᠤᠤᠯ ᠮᠠᠲ᠋ᠧᠷᠢᠶᠠᠯ ᠢ ᠪᠢᠲᠡᠭᠡᠢ ᠲᠤᠰᠢᠶᠠᠭᠠᠷᠠᠢ᠂ ᠮᠠᠲ᠋ᠧᠷᠢᠶᠠᠯ ᠢ ᠳᠡᠭᠡᠭᠰᠢ ᠮᠡᠳᠡᠭᠦᠯᠦᠭᠰᠡᠨ ᠤ ᠳᠠᠷᠠᠭ᠎ᠠ ᠪᠦᠷ ᠪᠤᠴᠠᠭᠠᠵᠤ ᠥᠭᠬᠦ ᠦᠭᠡᠢ᠂ ᠥᠪᠡᠷᠲᠡᠭᠡᠨ ᠢᠯᠡᠭᠦᠦ ᠨᠢᠭᠡ ᠬᠤᠪᠢ ᠪᠡᠯᠡᠳᠬᠡᠵᠦ ᠠᠪᠤᠭᠠᠷᠠᠢ᠃ ᠭᠡᠷᠡᠴᠢᠯᠡᠬᠦ ᠮᠠᠲ᠋ᠧᠷᠢᠶᠠᠯ ᠤᠨ ᠭᠠᠳᠠᠷ ᠨᠢᠭᠤᠷ ᠲᠤ ᠲᠠᠨᠢᠯᠴᠠᠭᠤᠯᠬᠤ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠂ ᠪᠣᠶ ᠪᠦᠬᠦᠢ ᠭᠡᠷᠡᠴᠢᠯᠡᠬᠦ ᠮᠠᠲ᠋ᠧᠷᠢᠶᠠᠯ ᠳᠤ ᠴᠥᠮ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ︵ᠪᠤᠶᠤ ᠨᠢᠭᠡᠴᠡ︶ ᠤᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ ᠪᠥᠭᠡᠳ ᠬᠢᠨᠠᠨ ᠰᠢᠯᠭᠠᠭᠴᠢ ᠪᠠᠷ ᠭᠠᠷ ᠤᠨ ᠥᠰᠥᠭ ᠵᠢᠷᠤᠭᠤᠯᠵᠤ᠂ ᠦᠨᠡᠨ ᠪᠣᠳᠠᠲᠠᠢ ᠪᠥᠭᠡᠳ ᠬᠦᠴᠦᠨ ᠲᠠᠢ᠂ ᠠᠭᠤᠯᠭ᠎ᠠ ᠨᠢ ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠡᠷᠡᠴᠢᠯᠡᠬᠦ ᠮᠠᠲ᠋ᠧᠷᠢᠶᠠᠯ ᠳᠤ ᠠᠵᠢᠯ ᠤᠨ ᠪᠦᠲᠦᠮᠵᠢ ᠶᠢᠨ ᠦᠷ᠎ᠡ ᠪᠦᠲᠦᠭᠡᠯ᠂ ᠥᠭᠦᠯᠡᠯ ᠵᠡᠷᠭᠡ ᠠᠴᠠ ᠭᠠᠳᠠᠨ᠎ᠠ ᠪᠠᠰᠠ ᠳᠣᠣᠷᠠᠬᠢ ᠮᠠᠲ᠋ᠧᠷᠢᠶᠠᠯ ᠤᠳ ᠢ ᠪᠠᠭᠲᠠᠭᠠᠨ᠎ᠠ᠄ ᠦᠷᠭᠦᠯᠵᠢᠯᠡᠯ ᠰᠤᠷᠭᠠᠨ ᠬᠥᠮᠦᠵᠢᠯ ᠤᠨ ᠬᠢᠨᠠᠨ ᠰᠢᠯᠭᠠᠯᠲᠠ ᠶᠢᠨ ᠺᠠᠷᠲ᠂ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ ᠦᠨᠡᠮᠯᠡᠯ᠂ ᠵᠢᠩᠬᠢᠨᠢ ᠠᠩᠭᠢ ᠶᠢᠨ ᠭᠤᠣᠯ ᠬᠢᠴᠢᠶᠡᠯ ᠤᠨ ᠰᠤᠷᠤᠯᠭ᠎ᠠ ᠲᠡᠭᠦᠰᠦᠭᠰᠡᠨ ᠦᠨᠡᠮᠯᠡᠯ᠂ ᠣᠲᠣ ᠶᠢᠨ ᠣᠯᠣᠭᠰᠠᠨ ᠲᠤᠰᠬᠠᠢ ᠮᠡᠷᠭᠡᠵᠢᠯ ᠤᠨ ᠬᠢᠷᠢ ᠬᠡᠮ ᠤᠨ ᠦᠨᠡᠮᠯᠡᠯ᠂ ᠪᠠᠶᠢᠭᠤᠯᠭ᠎ᠠ ᠶᠢᠨ ᠪᠠᠶᠢᠳᠠᠯ ᠤᠨ ᠲᠣᠳᠣᠷᠬᠠᠶᠢᠯᠠᠯᠲᠠ ︵ᠲᠣᠳᠣᠷᠬᠠᠶᠢᠯᠠᠯᠲᠠ ᠳᠤ ᠤᠷᠢᠨ ᠬᠡᠷᠡᠭᠯᠡᠭᠰᠡᠨ ᠴᠠᠭ᠂ ᠤᠷᠢᠨ ᠬᠡᠷᠡᠭᠯᠡᠭᠰᠡᠨ ᠠᠵᠢᠯ ᠤᠨ ᠪᠠᠶᠢᠷᠢ᠂ ᠣᠶᠢᠷ᠎ᠠ ᠶᠢᠨ ᠭᠤᠷᠪᠠᠨ ᠵᠢᠯ ︵2022 ᠣᠨ—2024 ᠣᠨ︶ ᠤᠨ ᠬᠢᠨᠠᠨ ᠰᠢᠯᠭᠠᠭᠰᠠᠨ ᠪᠠᠶᠢᠳᠠᠯ ᠪᠠ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠤᠨ ᠳᠣᠲᠣᠷ᠎ᠠ ᠭᠤᠶᠤᠴᠢᠯᠠᠨ ᠮᠡᠳᠡᠭᠦᠯᠦᠭᠰᠡᠨ ᠡᠰᠡᠬᠦ ᠵᠡᠷᠭᠡ ᠶᠢ ᠪᠠᠭᠲᠠᠭᠠᠨ᠎ᠠ︶᠃       ︵ᠭᠤᠷᠪᠠ︶ ᠮᠠᠲ᠋ᠧᠷᠢᠶᠠᠯ ᠮᠡᠳᠡᠭᠦᠯᠬᠦ ᠳᠠᠭᠤᠰᠬᠤ ᠴᠠᠭ      1.2025 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠮᠡᠷᠭᠡᠵᠢᠯ ᠤᠨ ᠴᠣᠯᠠ ᠮᠡᠳᠡᠭᠦᠯᠦᠨ ᠰᠢᠯᠭᠠᠷᠠᠭᠤᠯᠬᠤ ᠠᠵᠢᠯ ᠨᠢ᠂ 6 ᠰᠠᠷ᠎ᠠ ᠶᠢᠨ 25 ᠤ ᠡᠳᠦᠷ ᠠᠴᠠ ᠡᠮᠦᠨ᠎ᠡ ᠬᠤᠪᠢ ᠬᠥᠮᠥᠨ ᠤ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ᠂ 7 ᠰᠠᠷ᠎ᠠ ᠶᠢᠨ 15 ᠤ ᠡᠳᠦᠷ ᠠᠴᠠ ᠡᠮᠦᠨ᠎ᠡ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠱᠠᠲᠤ ᠳᠠᠷᠠᠭᠠᠯᠠᠨ ᠮᠡᠳᠡᠭᠦᠯᠦᠨ ᠬᠦᠷᠭᠡᠬᠦ ᠠᠵᠢᠯ ᠢ ᠪᠡᠶᠡᠯᠡᠭᠦᠯᠬᠦ ᠬᠡᠷᠡᠭᠲᠡᠢ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠮᠡᠳᠡᠭᠦᠯᠦᠭᠰᠡᠨ ᠰᠤᠷᠤᠯᠭ᠎ᠠ ᠶᠢᠨ ᠨᠠᠮᠲᠠᠷ᠂ ᠬᠢᠷᠢ ᠬᠡᠮ᠂ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ᠂ ᠠᠵᠢᠯ ᠤᠨ ᠪᠦᠲᠦᠮᠵᠢ ᠦᠷ᠎ᠡ ᠪᠦᠲᠦᠭᠡᠯ ︵ᠥᠭᠦᠯᠡᠯ᠂ ᠱᠠᠩᠨᠠᠯ᠂ ᠢᠷᠠᠭᠤ ᠠᠯᠳᠠᠷ ᠵᠡᠷᠭᠡ︶᠂ ᠦᠷᠭᠦᠯᠵᠢᠯᠡᠯ ᠰᠤᠷᠭᠠᠨ ᠬᠥᠮᠦᠵᠢᠯ ᠤᠨ ᠬᠢᠨᠠᠨ ᠰᠢᠯᠭᠠᠬᠤ ᠺᠠᠷᠲ ᠤᠨ ᠳᠠᠭᠤᠰᠬᠤ ᠴᠠᠭ ᠨᠢ 2025 ᠣᠨ ᠤ 7 ᠰᠠᠷ᠎ᠠ ᠶᠢᠨ 15 ᠤ ᠡᠳᠦᠷ ᠪᠣᠯᠣᠨ᠎ᠠ᠃       2. ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠪᠣᠶ ᠪᠦᠬᠦᠢ ᠮᠡᠳᠡᠭᠦᠯᠬᠦ ᠮᠠᠲ᠋ᠧᠷᠢᠶᠠᠯ ᠳᠤ ᠳᠠᠬᠢᠨ ᠬᠢᠨᠠᠯᠲᠠ ᠬᠢᠵᠦ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠣᠯ᠂ ᠮᠡᠳᠡᠭᠦᠯᠬᠦ ᠠᠵᠢᠯᠲᠠᠨ ᠳᠤ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠪᠥᠬᠦ ᠮᠠᠲ᠋ᠧᠷᠢᠶᠠᠯ ᠵᠢᠴᠢ ᠴᠠᠭ ᠤᠨ ᠬᠢᠵᠠᠭᠠᠷ ᠢ ᠨᠢᠭᠡ ᠯᠡ ᠤᠳᠠᠭ᠎ᠠ ᠳᠤ ᠪᠢᠴᠢᠭ ᠢᠶᠠᠷ ᠮᠡᠳᠡᠭᠳᠡᠵᠦ᠂ ᠬᠤᠭᠤᠴᠠᠭ᠎ᠠ ᠬᠡᠲᠦᠷᠡᠲᠡᠯ᠎ᠡ ᠨᠥᠬᠦᠪᠦᠷᠢᠯᠡᠨ ᠵᠠᠯᠠᠷᠠᠭᠤᠯᠤᠭᠰᠠᠨ ᠦᠭᠡᠢ ᠪᠣᠯ ᠮᠡᠳᠡᠭᠦᠯᠬᠦ ᠪᠠᠨ ᠪᠣᠯᠢᠭᠰᠠᠨ ᠢᠶᠠᠷ ᠦᠵᠡᠨ᠎ᠡ᠃ ᠮᠡᠳᠡᠭᠦᠯᠦᠭᠰᠡᠳ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠮᠠᠲ᠋ᠧᠷᠢᠶᠠᠯ ᠨᠢ ᠨᠢᠭᠡᠳᠦᠯ ᠦᠭᠡᠢ ᠪᠠᠶᠢᠬᠤ ᠶᠢ ᠣᠯᠵᠤ ᠮᠡᠳᠡᠪᠡᠯ᠂ ᠪᠤᠴᠠᠭᠠᠬᠤ ᠶᠢᠨ ᠬᠠᠮᠲᠤ ᠰᠢᠯᠲᠠᠭᠠᠨ ᠢ ᠨᠢ ᠲᠣᠳᠣᠷᠬᠠᠶᠢᠯᠠᠨ᠎ᠠ︔ ᠭᠤᠶᠤᠴᠢᠯᠠᠭᠴᠢ ᠨᠢ ᠮᠡᠷᠭᠡᠵᠢᠯ ᠤᠨ ᠴᠣᠯᠠ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠮᠥᠨ ᠬᠦ ᠵᠣᠷᠢᠭᠤᠳᠠ ᠬᠤᠳᠠᠯ ᠬᠠᠭᠤᠷᠮᠠᠭ ︵ᠦᠨᠡᠨ ᠪᠣᠳᠠᠲᠠᠢ ᠪᠤᠰᠤ︶ ᠠᠮᠠᠯᠠᠯᠲᠠ ᠬᠢᠬᠦ᠂ ᠮᠡᠳᠡᠭᠡ ᠵᠠᠩᠭᠢ ᠶᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠮᠡᠳᠡᠭᠦᠯᠦᠭᠰᠡᠨ ᠪᠤᠶᠤ ᠬᠤᠳᠠᠯ ᠬᠠᠭᠤᠷᠮᠠᠭ ︵ᠦᠨᠡᠨ ᠪᠣᠳᠠᠲᠠᠢ ᠪᠤᠰᠤ︶ ᠮᠠᠲ᠋ᠧᠷᠢᠶᠠᠯ ᠬᠠᠩᠭᠠᠭᠰᠠᠨ ︵ᠲᠠᠭᠯᠠᠭᠰᠠᠨ︶ ᠪᠠᠶᠢᠪᠠᠯ᠂ ᠮᠡᠳᠡᠭᠦᠯᠵᠦ ᠲᠠᠨᠢᠯᠴᠠᠭᠤᠯᠬᠤ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠢᠲᠡᠭᠡᠮᠵᠢ ᠶᠢᠨ ᠲᠠᠩᠰᠠ ᠡᠪᠬᠡᠮᠡᠯ ᠤᠨ ᠬᠥᠮᠥᠷᠭᠡ ᠳᠤ ᠲᠡᠮᠳᠡᠭᠯᠡᠨ ᠣᠷᠣᠭᠤᠯᠤᠨ᠎ᠠ᠃       ᠳᠥᠷᠪᠡ᠂ ᠬᠢᠨᠠᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ      ︵ᠨᠢᠭᠡ︶ ᠮᠡᠳᠡᠭᠦᠯᠬᠦ ᠦᠨᠳᠦᠰᠦᠨ ᠨᠥᠬᠦᠴᠡᠯᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠭᠤᠶᠤᠴᠢᠯᠠᠬᠤ ᠳᠤ᠂ ︽ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 40 ᠳ᠋ᠦ᠋ᠭᠡᠷ ᠲᠣᠭᠠᠲᠤ︶᠂ ︽ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2024﹈ 56 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠬᠥᠮᠥᠨ ᠨᠡᠶᠢᠭᠡᠮ ﹇2025﹈ 16 ᠳ᠋ᠤᠭᠠᠷ ᠲᠣᠭᠠᠲᠤ︶ ᠤᠨ ᠲᠣᠭᠲᠠᠭᠠᠯ ᠢ ᠴᠢᠩᠭ᠎ᠠ ᠵᠢᠷᠤᠮᠯᠠᠨ᠂ ᠡᠭᠦᠨ ᠤ ᠬᠠᠮᠲᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2022﹈ 1 ᠳ᠋ᠦ᠋ᠭᠡᠷ ᠲᠣᠭᠠᠲᠤ︶ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃       ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠨᠢᠭᠡᠳᠦᠭᠡᠷ ᠹᠷᠣᠨᠲ ᠤᠨ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠳᠤ ᠬᠡᠯᠪᠡᠶᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ       1. ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 30 ᠵᠢᠯ ᠪᠣᠯᠤᠭᠰᠠᠨ ᠪᠤᠶᠤ ᠰᠤᠮᠤ ᠰᠢᠶᠠᠩ ᠪᠠᠯᠭᠠᠰᠤ ᠳᠤ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 20 ᠵᠢᠯ ᠪᠣᠯᠤᠭᠰᠠᠨ ᠰᠢᠯᠢᠳᠡᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤ ᠰᠤᠷᠤᠯᠭ᠎ᠠ ᠶᠢᠨ ᠨᠠᠮᠲᠠᠷ᠂ ᠲᠤᠰᠬᠠᠢ ᠮᠡᠷᠭᠡᠵᠢᠯ ᠪᠠ ᠨᠢᠭᠡᠴᠡ ᠶᠢᠨ ᠠᠵᠢᠯ ᠤᠨ ᠪᠠᠶᠢᠷᠢ ᠶᠢᠨ ᠲᠤᠰᠢᠶᠠᠯ ᠤᠨ ᠲᠤᠭ᠎ᠠ ᠶᠢᠨ ᠬᠢᠵᠠᠭᠠᠷᠯᠠᠯ ᠢ ᠬᠦᠯᠢᠶᠡᠬᠦ ᠦᠭᠡᠢ᠂ ᠠᠵᠢᠯ ᠤᠨ ᠠᠮᠵᠢᠯᠲᠠ ᠪᠦᠲᠦᠮᠵᠢ ᠦᠷ᠎ᠡ ᠪᠦᠲᠦᠭᠡᠯ ᠵᠡᠷᠭᠡ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ᠂ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ᠳᠤ ᠱᠠᠲᠤ ᠠᠯᠭᠠᠰᠠᠨ ᠣᠷᠣᠯᠴᠠᠵᠤ ᠪᠣᠯᠣᠨ᠎ᠠ᠃ ᠬᠥᠮᠥᠨ ᠬᠡᠷᠡᠭᠯᠡᠬᠦ ᠨᠢᠭᠡᠴᠡ ᠰᠣᠩᠭᠤᠨ ᠲᠠᠨᠢᠯᠴᠠᠭᠤᠯᠬᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠲᠣᠪᠣᠶᠢᠮ᠎ᠠ ᠠᠮᠵᠢᠯᠲᠠ ᠪᠦᠲᠦᠮᠵᠢ ᠶᠢᠨ ᠬᠤᠪᠢ ᠨᠡᠮᠡᠷᠢ ᠶᠢ ᠮᠡᠳᠡᠭᠦᠯᠦᠨ ᠲᠠᠨᠢᠯᠴᠠᠭᠤᠯᠵᠤ᠂ ᠡᠩ ᠤᠨ ᠦᠶ᠎ᠡ ᠶᠢᠨ ᠬᠢᠨᠠᠨ ᠰᠢᠯᠭᠠᠯᠲᠠ᠂ ᠣᠨ ᠤ ᠬᠢᠨᠠᠨ ᠰᠢᠯᠭᠠᠯᠲᠠ ᠶᠢᠨ ᠦᠷ᠎ᠡ ᠳ᠋ᠦᠩ ᠵᠡᠷᠭᠡ ᠯᠦᠭᠡ ᠬᠠᠷᠢᠯᠴᠠᠨ ᠤᠶᠠᠯᠳᠤᠭᠤᠯᠵᠤ᠂ ᠪᠠᠷᠢᠮᠵᠢᠶ᠎ᠠ ᠶᠢᠨ ᠨᠥᠬᠦᠴᠡᠯ ᠢ ᠳᠥᠭᠦᠮᠬᠡᠨ ᠢᠶᠠᠷ ᠨᠢᠭᠡ ᠯᠡ ᠬᠥᠭ ᠢᠶᠠᠷ ᠪᠠᠭᠤᠷᠠᠭᠤᠯᠵᠤ ᠪᠣᠯᠬᠤ ᠦᠭᠡᠢ᠂ ᠲᠥᠷᠥ ᠶᠢᠨ ᠪᠣᠳᠣᠯᠭ᠎ᠠ ᠶᠢᠨ ︽ᠬᠤᠲᠣᠭᠤᠷ ᠭᠠᠵᠠᠷ︾ ᠭᠠᠷᠭᠠᠵᠤ ᠪᠣᠯᠬᠤ ᠦᠭᠡᠢ᠂ ᠦᠨᠡᠨ ᠬᠦ ᠨᠥᠬᠦᠴᠡᠯ ᠳᠤ ᠨᠡᠶᠢᠴᠡᠬᠦ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠦᠨᠳᠦᠰᠦᠨ ᠱᠠᠲᠤᠨ ᠤ ᠰᠢᠯᠢᠳᠡᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠠᠨᠢᠯᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃       2. ᠰᠤᠮᠤ ᠰᠢᠶᠠᠩ ᠪᠠᠯᠭᠠᠰᠤ ᠶᠢᠨ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠠᠵᠢᠯᠯᠠᠭᠠᠳ ᠪᠦᠬᠦᠯᠢ 2 ᠵᠢᠯ ᠪᠣᠯᠤᠭᠰᠠᠨ ᠵᠢᠩᠬᠢᠨᠢ ᠠᠩᠭᠢ ᠶᠢᠨ ᠲᠡᠭᠦᠰᠦᠭᠰᠡᠳ ᠪᠠ ᠪᠦᠬᠦᠯᠢ 4 ᠵᠢᠯ ᠪᠣᠯᠤᠭᠰᠠᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠬᠢᠨᠠᠨ ᠰᠢᠯᠭᠠᠭᠠᠳ ᠬᠢᠷᠢ ᠲᠡᠩᠴᠡᠪᠡᠯ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠰᠢᠭᠤᠳ ᠣᠷᠣᠯᠴᠠᠵᠤ ᠪᠣᠯᠣᠨ᠎ᠠ᠃       3. ᠬᠤᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠤᠬᠠᠢ ᠶᠢᠨ ᠵᠢᠯ ᠳᠤ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠦᠢᠯᠡᠴᠢᠯᠡᠬᠦ ᠴᠠᠭ ᠨᠢ 3 ᠰᠠᠷ᠎ᠠ ᠠᠴᠠ ᠳᠡᠭᠡᠭᠰᠢ ᠪᠣᠯᠤᠭᠰᠠᠨ ᠪᠠᠶᠢᠪᠠᠯ᠂ ᠮᠡᠷᠭᠡᠵᠢᠯ ᠤᠨ ᠴᠣᠯᠠ ᠮᠡᠳᠡᠭᠦᠯᠬᠦ ᠳᠤ ᠲᠤᠬᠠᠢ ᠶᠢᠨ ᠵᠢᠯ ᠤᠨ ᠦᠷᠭᠦᠯᠵᠢᠯᠡᠯ ᠰᠤᠷᠭᠠᠨ ᠬᠥᠮᠥᠵᠢᠭᠦᠯᠬᠦ ᠤᠬᠠᠭᠠᠨ ᠤ ᠦᠶ᠎ᠡ ᠶᠢᠨ ᠱᠠᠭᠠᠷᠳᠠᠯᠭ᠎ᠠ ᠶᠢ ᠬᠡᠯᠲᠦᠷᠢᠭᠦᠯᠵᠦ ᠪᠣᠯᠣᠨ᠎ᠠ︔ ᠣᠲᠣ ᠶᠢᠨ ᠪᠠᠶᠢᠭ᠎ᠠ ᠮᠡᠷᠭᠡᠵᠢᠯ ᠤᠨ ᠴᠣᠯᠠ ᠣᠯᠣᠭᠰᠠᠨ ᠤ ᠳᠠᠷᠠᠭ᠎ᠠ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠦᠢᠯᠡᠴᠢᠯᠡᠭᠰᠡᠨ ᠵᠢᠯ ᠬᠤᠭᠤᠴᠠᠭ᠎ᠠ ᠨᠢ ᠨᠡᠶᠢᠲᠡ 3 ᠵᠢᠯ ᠠᠴᠠ ᠳᠡᠭᠡᠭᠰᠢ ᠪᠣᠯᠤᠭᠰᠠᠨ ᠪᠥᠭᠡᠳ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ 1 ᠵᠢᠯ ᠤᠨ ᠡᠮᠦᠨ᠎ᠡ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠵᠤ ᠪᠣᠯᠣᠨ᠎ᠠ᠃       ︵ᠭᠤᠷᠪᠠ︶ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠳᠤ ᠬᠡᠯᠪᠡᠶᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ      ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠵᠢᠴᠢ ᠪᠤᠰᠤᠳ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠡᠩ ᠤᠨ ᠪᠠᠶᠢᠳᠠᠯ ᠳᠤ ᠬᠥᠳᠡᠯᠮᠦᠷᠢ ᠶᠢᠨ ᠬᠠᠷᠢᠴᠠᠭ᠎ᠠ ᠶᠢᠨ ᠪᠠᠶᠢᠭ᠎ᠠ ᠭᠠᠵᠠᠷ ᠲᠤ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠮᠡᠳᠡᠭᠦᠯᠵᠦ᠂ ᠠᠯᠪᠠᠨ ᠠᠴᠠ ᠪᠠᠶᠢᠭᠤᠯᠤᠭᠰᠠᠨ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠯᠤᠭ᠎ᠠ ᠮᠡᠷᠭᠡᠵᠢᠯ ᠤᠨ ᠴᠣᠯᠠ ᠰᠢᠯᠭᠠᠷᠠᠭᠤᠯᠬᠤ ᠲᠠᠯ᠎ᠠ ᠪᠠᠷ ᠠᠳᠠᠯᠢ ᠲᠡᠭᠰᠢ ᠬᠠᠷᠠᠭᠠᠯᠵᠠᠯ ᠬᠦᠷᠲᠡᠭᠡᠨ᠎ᠡ᠃ ᠤᠷᠲᠤ ᠬᠤᠭᠤᠴᠠᠭ᠎ᠠ ᠪᠠᠷ ᠲᠤᠰᠬᠠᠢ ᠮᠡᠷᠭᠡᠵᠢᠯ ᠤᠨ ᠠᠵᠢᠯ ᠬᠢᠭᠰᠡᠨ ᠪᠥᠭᠡᠳ ᠮᠠᠨ ᠤ ᠣᠷᠣᠨ ᠳᠤ ᠪᠦᠬᠦᠯᠢ 1 ᠵᠢᠯ ᠠᠵᠢᠯᠯᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠰᠤᠷᠤᠯᠭ᠎ᠠ ᠶᠢᠨ ᠨᠠᠮᠲᠠᠷ᠂ ᠠᠵᠢᠯ ᠤᠨ ᠪᠦᠲᠦᠮᠵᠢ ᠵᠡᠷᠭᠡ ᠨᠥᠬᠦᠴᠡᠯ ᠢ ᠬᠠᠩᠭᠠᠭᠰᠠᠨ ᠪᠠᠶᠢᠪᠠᠯ᠂ ᠮᠡᠷᠭᠡᠵᠢᠯ ᠤᠨ ᠴᠣᠯᠠ ᠪᠠᠨ ᠱᠠᠲᠤ ᠳᠠᠷᠠᠭᠠᠯᠠᠨ ᠮᠡᠳᠡᠭᠦᠯᠬᠦ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ ᠪᠠᠷ ᠰᠢᠭᠤᠳ ᠵᠣᠬᠢᠬᠤ ᠲᠤᠰᠬᠠᠢ ᠮᠡᠷᠭᠡᠵᠢᠯ᠂ ᠲᠠᠰ ᠳᠠᠪᠬᠤᠷᠭ᠎ᠠ ᠶᠢᠨ ᠮᠡᠷᠭᠡᠵᠢᠯ ᠤᠨ ᠴᠣᠯᠠ ᠳᠤ ᠮᠡᠳᠡᠭᠦᠯᠵᠦ ᠪᠣᠯᠣᠨ᠎ᠠ᠂ ᠡᠭᠦᠨ ᠳᠤ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ ᠪᠠᠶᠢᠪᠠᠯ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠪᠠᠨ ᠰᠢᠭᠤᠳ ᠮᠡᠳᠡᠭᠦᠯᠵᠦ ᠪᠣᠯᠣᠨ᠎ᠠ︔ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ ᠪᠠᠶᠢᠪᠠᠯ᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠳᠤ ᠰᠢᠭᠤᠳ ᠮᠡᠳᠡᠭᠦᠯᠵᠦ ᠪᠣᠯᠣᠨ᠎ᠠ᠃ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠤᠯᠴᠠᠯᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠲᠡᠭᠦᠨ ᠤ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠶᠢᠨ ᠬᠠᠲᠠᠭᠤ ᠱᠠᠭᠠᠷᠳᠠᠯᠭ᠎ᠠ ᠪᠣᠯᠭᠠᠬᠤ ᠦᠭᠡᠢ᠃       ︵ᠳᠥᠷᠪᠡ︶ ᠮᠡᠷᠭᠡᠵᠢᠯ ᠤᠨ ᠴᠣᠯᠠ ᠶᠢᠨ ᠳᠦᠷᠢᠮ ᠬᠢᠭᠡᠳ ᠬᠥᠮᠥᠨ ᠬᠡᠷᠡᠭᠯᠡᠬᠦ ᠳᠦᠷᠢᠮ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ      1. ᠬᠥᠮᠥᠨ ᠬᠡᠷᠡᠭᠯᠡᠬᠦ ᠨᠢᠭᠡᠴᠡ ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠤᠨ᠂ ᠮᠡᠷᠭᠡᠵᠢᠯ ᠤᠨ ᠴᠣᠯᠠ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠦᠢ ᠵᠣᠬᠢᠰᠲᠠᠢ ᠬᠡᠷᠡᠭᠯᠡᠬᠦ ︵ᠤᠷᠢᠨ ᠬᠡᠷᠡᠭᠯᠡᠬᠦ︶᠂ ᠮᠡᠷᠭᠡᠵᠢᠯ ᠤᠨ ᠴᠣᠯᠠ ᠶᠢᠨ ᠦᠨᠡᠯᠡᠯᠲᠡ ᠶᠢᠨ ᠦᠷ᠎ᠡ ᠳ᠋ᠦᠩ ᠢ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠬᠦ᠂ ᠰᠢᠯᠭᠠᠨ ᠬᠢᠨᠠᠬᠤ᠂ ᠳᠡᠪᠰᠢᠭᠦᠯᠬᠦ ᠵᠡᠷᠭᠡ ᠬᠥᠮᠥᠨ ᠬᠡᠷᠡᠭᠯᠡᠬᠦ ᠳᠦᠷᠢᠮ ᠯᠦᠭᠡ ᠵᠣᠯᠭᠠᠭᠤᠯᠬᠤ ᠶᠢ ᠪᠡᠶᠡᠯᠡᠭᠦᠯᠦᠨ᠎ᠡ᠃ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠷᠳᠡᠮ ᠰᠢᠨᠵᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠬᠢᠭᠡᠳ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠯᠤᠭ᠎ᠠ ᠨᠢᠭᠲᠠ ᠬᠤᠯᠪᠣᠭ᠎ᠠ ᠲᠠᠢ ᠠᠵᠢᠯ ᠦᠢᠯᠡᠰ ᠤᠨ ᠨᠢᠭᠡᠴᠡ ᠳᠤ᠂ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠤᠨ ᠳᠣᠲᠣᠷ᠎ᠠ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠭᠠᠵᠠᠷ ᠣᠷᠣᠨ᠂ ᠰᠠᠯᠠᠭ᠎ᠠ ᠮᠥᠴᠢᠷ ︵ᠨᠢᠭᠡᠴᠡ︶ ᠤᠨ ᠴᠢᠳᠠᠪᠤᠷᠢᠲᠠᠨ ᠤ ᠡᠩᠨᠡᠭᠡ ᠶᠢᠨ ᠪᠦᠲᠦᠴᠡ ᠶᠢ ᠦᠨᠡᠨᠬᠦ ᠰᠢᠯᠢᠳᠡᠭᠵᠢᠭᠦᠯᠵᠦ᠂ ᠠᠵᠢᠯ ᠤᠨ ᠪᠠᠶᠢᠷᠢ ᠠᠴᠠ ᠳᠠᠪᠠᠭᠤᠯᠤᠨ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠴᠢᠬᠤᠯᠠᠲᠠᠢ ᠪᠣᠯ᠂ ᠡᠯ᠎ᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠰᠠᠨᠠᠯ ᠢ ᠨᠢᠭᠡᠳᠦᠯᠲᠡᠢ ᠵᠥᠪᠳᠡᠯᠴᠡᠵᠦ᠂ ᠮᠡᠳᠡᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠰᠠᠶᠢᠲᠤᠷ ᠬᠢᠬᠦ ᠬᠡᠷᠡᠭᠲᠡᠢ᠃       2. ᠤᠯᠤᠰ  ᠠᠴᠠ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠳᠡᠮᠵᠢᠨ ᠵᠣᠷᠢᠭᠵᠢᠭᠤᠯᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯᠲᠠᠨ ᠵᠥᠪᠰᠢᠶᠡᠷᠡᠯ ᠢᠶᠠᠷ ᠳᠡᠮᠵᠢᠨ ᠠᠵᠢᠯ ᠤᠨ ᠪᠠᠶᠢᠷᠢ ᠠᠴᠠ ᠪᠠᠨ ᠰᠠᠯᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠤ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠬᠤ ᠡᠷᠬᠡ ᠶᠢ ᠠᠳᠠᠯᠢ ᠲᠡᠭᠰᠢ ᠪᠠᠷ ᠡᠳ᠋ᠯᠡᠨ᠎ᠡ᠃       ︵ᠲᠠᠪᠤ︶ ᠮᠡᠷᠭᠡᠵᠢᠯ ᠤᠨ ᠴᠣᠯᠠ ᠬᠢᠭᠡᠳ ᠲᠤᠰᠬᠠᠢ ᠮᠡᠷᠭᠡᠵᠢᠯ ᠤᠨ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠬᠠᠷᠢᠴᠠᠭᠤᠯᠤᠨ ᠮᠠᠭᠠᠳᠯᠠᠨ ᠲᠣᠭᠲᠠᠭᠠᠬᠤ ᠶᠢ ᠠᠬᠢᠭᠤᠯᠤᠨ᠎ᠠ      1. ᠮᠡᠷᠭᠡᠵᠢᠯ ᠤᠨ ᠴᠣᠯᠠ ᠶᠢᠨ ᠳᠦᠷᠢᠮ ᠬᠢᠭᠡᠳ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠮᠡᠷᠭᠡᠵᠢᠯ ᠤᠨ ᠬᠢᠷᠢ ᠬᠡᠮ ᠤᠨ ᠲᠣᠭᠲᠠᠭᠠᠯ ᠶᠣᠰᠣᠭᠠᠷ᠂ ᠵᠣᠬᠢᠬᠤ ᠲᠤᠰᠬᠠᠢ ᠮᠡᠷᠭᠡᠵᠢᠯ ᠤᠨ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠢ ᠣᠯᠪᠠᠯ ᠳᠠᠷᠤᠢ ᠲᠡᠭᠦᠨ ᠤ ᠵᠣᠬᠢᠬᠤ ᠰᠢᠷᠢᠰ ︵ᠲᠤᠰᠬᠠᠢ ᠮᠡᠷᠭᠡᠵᠢᠯ︶᠂ ᠲᠠᠰ ᠳᠠᠪᠬᠤᠷᠭ᠎ᠠ ᠶᠢᠨ ᠮᠡᠷᠭᠡᠵᠢᠯ ᠤᠨ ᠴᠣᠯᠠ ᠶᠢ ᠪᠦᠷᠢᠯᠳᠦᠭᠦᠯᠦᠭᠰᠡᠨ ᠢ ᠮᠠᠭᠠᠳᠯᠠᠨ ᠲᠣᠭᠲᠠᠭᠠᠵᠤ ᠪᠣᠯᠣᠨ᠎ᠠ᠂ ᠬᠥᠮᠥᠨ ᠬᠡᠷᠡᠭᠯᠡᠬᠦ ᠨᠢᠭᠡᠴᠡ ᠨᠢ ᠠᠵᠢᠯ ᠤᠨ ᠪᠠᠶᠢᠷᠢ ᠶᠢᠨ ᠬᠡᠷᠡᠭᠴᠡᠭᠡ ᠪᠠᠨ ᠦᠨᠳᠦᠰᠦᠯᠡᠨ ᠤᠷᠢᠨ ᠲᠣᠮᠢᠯᠠᠵᠤ ᠪᠣᠯᠬᠤ ᠪᠥᠭᠡᠳ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠮᠡᠳᠡᠭᠦᠯᠬᠦ ᠨᠥᠬᠦᠴᠡᠯ ᠪᠣᠯᠭᠠᠵᠤ ᠪᠣᠯᠣᠨ᠎ᠠ᠃       2. ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠨᠡᠪᠲᠡᠷᠡᠯᠴᠡᠭᠡ ᠶᠢ ᠴᠢᠩᠭᠠᠳᠬᠠᠨ᠎ᠠ᠃ ᠨᠥᠬᠦᠴᠡᠯ ᠳᠤ ᠨᠡᠶᠢᠴᠡᠬᠦ ᠳᠡᠭᠡᠳᠦ ᠮᠡᠷᠭᠡᠵᠢᠯ ᠤᠨ ᠴᠢᠳᠠᠪᠤᠷᠢᠲᠠᠨ ᠨᠢ ︽ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠡᠷᠡᠭᠵᠢᠭᠦᠯᠬᠦ ᠰᠠᠨᠠᠯ ᠢ ᠳᠠᠮᠵᠢᠭᠤᠯᠤᠨ ᠲᠠᠷᠬᠠᠭᠠᠬᠤ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2025﹈16 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠭᠤᠶᠤᠴᠢᠯᠠᠵᠤᠪᠣᠯᠣᠨ᠎ᠠ᠃       ︵ᠵᠢᠷᠭᠤᠭ᠎ᠠ︶ ᠦᠷᠭᠦᠯᠵᠢᠯᠡᠯ ᠰᠤᠷᠭᠠᠨ ᠬᠥᠮᠦᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ      ᠦᠷᠭᠦᠯᠵᠢᠯᠡᠯ ᠰᠤᠷᠭᠠᠨ ᠬᠥᠮᠦᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ 2025 ᠣᠨ ᠤ ᠪᠥᠬᠦ ᠣᠷᠣᠨ ᠤ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠯ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2024﹈ 201 ᠳ᠋ᠦ᠋ᠭᠡᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃       ︵ᠳᠣᠯᠤᠭ᠎ᠠ︶ ᠰᠢᠷᠢᠰ ᠰᠢᠯᠵᠢᠭᠦᠯᠦᠨ ᠬᠢᠨᠠᠨ ᠲᠣᠭᠲᠠᠭᠠᠬᠤ      ᠲᠤᠰᠬᠠᠢ ᠮᠡᠷᠭᠡᠵᠢᠯ ᠤᠨ ᠴᠢᠳᠠᠪᠤᠷᠢᠲᠠᠨ ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠠᠵᠢᠯ ᠤᠨ ᠲᠤᠰᠬᠠᠢ ᠮᠡᠷᠭᠡᠵᠢᠯ ᠳᠤ ᠬᠤᠪᠢᠷᠠᠯᠲᠠ ᠭᠠᠷᠴᠤ᠂ ᠰᠢᠨ᠎ᠡ ᠮᠡᠷᠭᠡᠵᠢᠯ ᠤᠨ ᠴᠣᠯᠠ ᠶᠢᠨ ᠰᠢᠷᠢᠰ ︵ᠲᠤᠰᠬᠠᠢ ᠮᠡᠷᠭᠡᠵᠢᠯ︶ ᠢ ᠰᠢᠯᠵᠢᠭᠦᠯᠦᠨ ᠦᠨᠡᠯᠡᠬᠦ ᠴᠢᠬᠤᠯᠠ ᠲᠠᠢ ᠪᠣᠯ᠂ ᠡᠷᠬᠡᠪᠰᠢ ᠣᠲᠣ ᠶᠢᠨ ᠠᠵᠢᠯ ᠤᠨ ᠪᠠᠶᠢᠷᠢ ᠳᠠᠭᠠᠨ 1 ᠵᠢᠯ ᠠᠴᠠ ᠳᠡᠭᠡᠭᠰᠢ ᠲᠤᠰᠬᠠᠢ ᠮᠡᠷᠭᠡᠵᠢᠯ ᠤᠨ ᠠᠵᠢᠯ ᠬᠢᠵᠦ᠂ ᠵᠣᠬᠢᠬᠤ ᠰᠢᠷᠢᠰ ︵ᠲᠤᠰᠬᠠᠢ ᠮᠡᠷᠭᠡᠵᠢᠯ︶ ᠤᠨ ᠠᠳᠠᠯᠢ ᠲᠠᠰ ᠤᠨ ᠮᠡᠷᠭᠡᠵᠢᠯ ᠤᠨ ᠴᠣᠯᠠ ᠶᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠬᠢᠨᠠᠨ ᠰᠢᠯᠭᠠᠷᠠᠭᠤᠯᠵᠤ ᠪᠣᠯᠣᠨ᠎ᠠ᠃ ᠰᠢᠨ᠎ᠡ ᠮᠡᠷᠭᠡᠵᠢᠯ ᠤᠨ ᠴᠣᠯᠠ ᠣᠯᠣᠭᠰᠠᠨ ᠤ ᠳᠠᠷᠠᠭ᠎ᠠ᠂ ᠵᠣᠬᠢᠬᠤ ᠲᠤᠰᠬᠠᠢ ᠮᠡᠷᠭᠡᠵᠢᠯ ᠤᠨ ᠠᠵᠢᠯ ᠢ 1 ᠵᠢᠯ ᠠᠴᠠ ᠳᠡᠭᠡᠭᠰᠢ ︵ᠵᠣᠬᠢᠬᠤ ᠰᠢᠷᠢᠰ᠂ ᠲᠤᠰᠬᠠᠢ ᠮᠡᠷᠭᠡᠵᠢᠯ ᠤᠨ ᠬᠢᠨᠠᠨ ᠲᠣᠭᠲᠠᠭᠠᠬᠤ ᠨᠥᠬᠦᠴᠡᠯ ᠳᠤ ᠮᠡᠳᠡᠭᠦᠯᠬᠦ ᠳᠤ ᠠᠵᠢᠯ ᠤᠨ ᠪᠠᠶᠢᠷᠢ ᠳᠤ ᠤᠷᠢᠵᠤ ᠲᠣᠮᠢᠯᠠᠬᠤ ᠲᠣᠳᠣᠷᠬᠠᠢ ᠱᠠᠭᠠᠷᠳᠠᠯᠭ᠎ᠠ ᠲᠠᠢ ᠪᠠᠶᠢᠪᠠᠯ᠂ ᠰᠢᠨ᠎ᠡ ᠠᠵᠢᠯ ᠤᠨ ᠪᠠᠶᠢᠷᠢ ᠳᠤ ᠤᠷᠢᠵᠤ ᠲᠣᠮᠢᠯᠠᠭᠠᠳ ᠪᠦᠬᠦᠯᠢ 1 ᠵᠢᠯ ᠪᠣᠯᠤᠭᠰᠠᠨ ᠪᠠᠶᠢᠬᠤ ᠬᠡᠷᠡᠭᠲᠡᠢ︶ ᠪᠥᠭᠡᠳ ᠬᠢᠨᠠᠨ ᠲᠣᠭᠲᠠᠭᠠᠬᠤ ᠪᠠᠷ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠯᠭᠠᠬᠤ ᠪᠠᠷ ᠮᠡᠳᠡᠭᠦᠯᠵᠦ ᠪᠣᠯᠣᠨ᠎ᠠ᠃ ᠰᠢᠷᠢᠰ ︵ᠲᠤᠰᠬᠠᠢ ᠮᠡᠷᠭᠡᠵᠢᠯ︶ ᠰᠢᠯᠵᠢᠭᠦᠯᠦᠭᠰᠡᠨ ᠠᠵᠢᠯᠲᠠᠨ ᠤ ᠬᠢᠷᠢ ᠬᠡᠮ ᠪᠠ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ ᠶᠢ ᠤᠤᠯ ᠤᠨ ᠮᠡᠷᠭᠡᠵᠢᠯ ᠤᠨ ᠴᠣᠯᠠ ᠲᠠᠢ ᠨᠢ ᠦᠷᠭᠦᠯᠵᠢᠯᠡᠨ ᠪᠤᠳᠤᠵᠤ᠂ ᠬᠠᠮᠢᠶ᠎ᠠ ᠪᠦᠬᠦᠢ ᠠᠵᠢᠯ ᠤᠨ ᠠᠮᠵᠢᠯᠲᠠ ᠪᠦᠲᠦᠮᠵᠢ ᠶᠢᠨ ᠦᠷ᠎ᠡ ᠪᠦᠲᠦᠭᠡᠯ ᠢ ᠮᠡᠳᠡᠷᠡᠨ ᠵᠥᠪᠰᠢᠶᠡᠷᠡᠨ᠎ᠡ᠃       ᠲᠠᠪᠤ᠂ ᠪᠤᠰᠤᠳ ᠵᠦᠢᠯᠡᠰ ᠤᠳ      ᠪᠤᠰᠤᠳ ᠵᠢᠭᠰᠠᠭᠠᠭᠰᠠᠨ ᠦᠭᠡᠢ ᠵᠦᠢᠯᠡᠰ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2025 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ﹇2025﹈ 87 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠶᠣᠰᠣᠭᠠᠷ ᠨᠢᠭᠡᠳᠦᠯᠲᠡᠢ ᠬᠡᠷᠡᠭᠵᠢᠭᠦᠯᠦᠨ᠎ᠡ᠃       ᠵᠢᠷᠭᠤᠭ᠎ᠠ᠂ ᠬᠠᠷᠢᠯᠴᠠᠬᠤ ᠠᠷᠭ᠎ᠠ      ᠬᠠᠷᠢᠯᠴᠠᠬᠤ ᠬᠥᠮᠥᠨ᠄ ᠯᠢᠦᠢ ᠮᠢᠩ ᠵᠢᠦᠢ      ᠬᠠᠷᠢᠯᠴᠠᠬᠤ ᠤᠲᠠᠰᠤ᠄ 0471—6652153      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ᠃                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                              2025 ᠣᠨ ᠤ 6 ᠰᠠᠷ᠎ᠠ ᠶᠢᠨ 7 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map