ᠠᠶᠤᠯ ᠦᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠠᠭᠯᠠᠨ ᠮᠡᠳᠡᠭᠦᠯᠬᠦ ᠠᠵᠢᠯ ᠤᠨ ᠸᠢᠳᠢᠣ᠋ ᠶᠢ ᠠᠬᠢᠭᠤᠯᠬᠤ ᠬᠤᠷᠠᠯ ᠬᠤᠷᠠᠯᠳᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/4/29
ᠬᠡᠯᠬᠢᠶᠡᠰᠦᠨ ᠨᠣᠮᠧᠷ᠄ 000014348/2025 — 02250ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ ᠤ 4 ᠳ᠋ᠦ᠋ᠭᠡᠷ ᠰᠠᠷ᠎ᠠ ᠶᠢᠨ 29 ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠦᠭᠡᠶ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠂ ᠭᠠᠳᠠᠨ᠎ᠠ ᠭᠠᠵᠠᠷ ᠲᠤ ᠰᠠᠭᠤᠭ᠎ᠠ ᠲᠢᠩᠬᠢᠮ ᠤᠨ ᠬᠠᠷᠢᠶ᠎ᠠ ᠨᠢᠭᠡᠴᠢ ᠂ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠄  ᠣᠶᠢᠷ᠎ᠠ ᠳᠤ ᠂ ᠮᠠᠨ ᠤ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ︽2024 ᠣᠨ ᠤ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠠᠶᠤᠯ ᠥᠬᠡᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠰᠢᠯᠭᠠᠨ ᠬᠢᠨᠠᠵᠤ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠳᠡᠯ︾ ︵ᠠᠶᠤᠯ ᠵᠥᠪᠯᠡᠯ ﹇2025﹈ 5 ᠳ᠋ᠤᠭᠠᠷ ᠲᠣᠭᠠᠲᠤ︶ ᠢ ᠭᠥᠯᠢᠶᠡᠨ ᠠᠪᠴᠤ ᠂ ᠮᠠᠨ ᠤ ᠣᠷᠣᠨ ᠤ ᠠᠶᠤᠯ ᠥᠬᠡᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠳᠤ ᠳᠣᠤᠷᠠᠬᠢ ᠮᠡᠲᠦ ᠲᠣᠪᠤᠶᠢᠮ᠎ᠠ ᠠᠰᠠᠭᠤᠳᠠᠯ ᠣᠷᠣᠰᠢᠵᠤ       ᠪᠠᠶᠢᠨ᠎ᠠ᠄ ᠨᠢᠭᠡ ᠳᠤ ᠂ ᠬᠦᠨᠳᠦ ᠶᠡᠭᠡ ᠠᠳᠡᠯ ᠤᠨ ᠳᠠᠯᠳᠠ ᠭᠡᠮ ᠢ ᠢᠯᠡᠷᠡᠭᠦᠯᠦᠭᠰᠡᠨ ᠨᠣᠷᠮ᠎ᠠ ᠨᠡᠯᠢᠶᠡᠳ ᠳᠣᠣᠷ᠎ᠠ ᠂ ᠮᠢᠩᠭᠠᠨ ᠤᠳᠠᠭ᠎ᠠ ᠪᠠᠶᠢᠴᠠᠭᠠᠯᠲᠠ ᠬᠢᠭᠰᠡᠨ ᠳᠤ 9.1 ᠵᠦᠢᠯ ᠤᠨ ᠬᠦᠨᠳᠦ ᠶᠡᠭᠡ ᠳᠠᠯᠳᠠ ᠭᠡᠮ ᠢ ᠢᠯᠡᠷᠡᠭᠦᠯᠵᠦ ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠨ᠎ᠠ︔ ᠬᠤᠶᠠᠷ ᠲᠤ ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠂ ᠬᠡᠰᠡᠭ ᠠᠵᠤ ᠠᠬᠤᠶᠢᠯᠠᠯ ᠳᠤ ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠪᠦᠳᠦᠭᠦᠯᠢᠭ ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠲᠣᠬᠢᠷᠠᠭᠤᠯᠤᠯᠲᠠ ᠬᠦᠷᠦᠯᠴᠡᠬᠦ ᠦᠭᠡᠢ ᠂ ᠠᠮᠤᠷ ᠲᠦᠪᠰᠢᠨ ᠤ ᠪᠣᠯᠪᠠᠰᠤᠷᠠᠯ ᠤᠨ ᠪᠦᠷᠬᠦᠴᠡ ᠳᠣᠣᠷ᠎ᠠ ᠂ ᠠᠳᠡᠯ ᠤᠨ ᠳᠠᠯᠳᠠ ᠭᠡᠮ ᠣᠯᠠᠨ ᠭᠠᠷᠳᠠᠭ ᠵᠡᠷᠭᠡ ᠠᠰᠠᠭᠤᠳᠠᠯ ᠣᠷᠣᠰᠢᠵᠤ ᠪᠠᠶᠢᠨ᠎ᠠ ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠬᠤ ᠶᠢᠨ ᠬᠠᠮᠲᠤ ᠡᠯ᠎ᠡ ᠭᠠᠵᠠᠷ ᠤᠨ ᠲᠤᠰ ᠰᠠᠷ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠠᠭᠯᠠᠨ ᠮᠡᠳᠡᠭᠦᠯᠬᠦ ᠠᠵᠢᠯ ᠢ ᠲᠦᠷᠭᠡᠨ ᠪᠡᠶᠡᠯᠡᠭᠦᠯᠬᠦ ᠶᠢᠨ ᠲᠤᠰᠠᠳᠠ ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠠᠭᠯᠠᠨ ᠮᠡᠳᠡᠭᠦᠯᠬᠦ ᠠᠵᠢᠯ ᠤᠨ ᠸᠢᠳᠢᠣ᠋ ᠶᠢ ᠠᠬᠢᠭᠤᠯᠬᠤ ᠬᠤᠷᠠᠯ ᠬᠤᠷᠠᠯᠳᠤᠭᠤᠯᠬᠤ ᠪᠠᠷ ᠰᠤᠳᠤᠯᠤᠨ ᠲᠣᠭᠲᠠᠭᠠᠬᠤ ᠪᠠᠷ ᠲᠣᠭᠲᠠᠪᠠ ᠂ ᠪᠣᠳᠠᠲᠠᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ ᠂ ᠬᠤᠷᠠᠯ ᠤᠨ ᠴᠠᠭ ᠂ ᠭᠠᠵᠠᠷ ᠣᠷᠣᠨ  ᠴᠠᠭ᠄ 4 ᠳ᠋ᠦ᠋ᠭᠡᠷ ᠰᠠᠷ᠎ᠠ ᠶᠢᠨ 30 ᠤ ᠡᠳᠦᠷ ︵ᠭᠠᠷᠠᠭ ᠤᠨ ᠭᠤᠷᠪᠠᠨ︶ ᠦᠳᠡ ᠶᠢᠨ ᠡᠮᠦᠨ᠎ᠡ 9᠄ 30 ᠴᠠᠭ ᠂ ᠬᠤᠷᠠᠯ ᠤᠨ ᠬᠤᠭᠤᠴᠠᠭ᠎ᠠ ᠨᠢ ᠨᠢᠭᠡ ᠴᠠᠭ ᠃  ᠭᠠᠵᠠᠷ᠄ ᠰᠦᠯᠵᠢᠶᠡᠨ ᠳᠡᠭᠡᠷᠡᠬᠢ ᠳ᠋ᠢᠩ ᠳ᠋ᠢᠩ ᠸᠢᠳᠢᠣ᠋ ᠬᠤᠷᠠᠯ ᠂ ᠬᠤᠷᠠᠯ ᠤᠨ ᠨᠣᠮᠧᠷ᠄ 1116846032 ᠂ ᠬᠤᠷᠠᠯ ᠳᠤ ᠤᠷᠤᠯᠴᠠᠬᠤ ᠴᠥᠷᠬᠡᠯᠡᠭᠡ᠄ https://meeting.dingtalk.com/j/cNP8uNkSL9F  ᠬᠤᠶᠠᠷ ᠂ ᠬᠤᠷᠠᠯ ᠳᠤ ᠤᠷᠤᠯᠴᠠᠭᠰᠠᠳ  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠦᠭᠡᠶ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ︔ ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠂ ᠭᠠᠳᠠᠨ᠎ᠠ ᠰᠠᠭᠤᠭ᠎ᠠ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠨᠢ ᠠᠶᠤᠯ ᠦᠭᠡᠶ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠠᠭᠯᠠᠨ ᠮᠡᠳᠡᠭᠦᠯᠬᠦ ᠲᠤᠰᠬᠠᠶ ᠲᠤᠰᠢᠶᠠᠯᠲᠤ ᠠᠵᠢᠯᠲᠠᠨ ᠢ ᠬᠠᠷᠢᠭᠤᠴᠠᠨ᠎ᠠ ᠃  ᠭᠤᠷᠪᠠ ᠂ ᠬᠤᠷᠠᠯ ᠤᠨ ᠵᠥᠪᠯᠡᠬᠦ ᠵᠦᠢᠯ  ︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠠᠭᠯᠠᠨ ᠮᠡᠳᠡᠭᠦᠯᠦᠭᠰᠡᠨ ᠪᠠᠶᠢᠳᠠᠯ ᠢ ᠮᠡᠳᠡᠭᠳᠡᠬᠦ ᠬᠡᠷᠡᠭᠲᠡᠢ ᠃  ︵ᠬᠤᠶᠠᠷ︶ ᠠᠶᠤᠯ ᠦᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠬᠡᠰᠡᠭ ᠲᠤ ᠲᠠᠶᠢᠯᠤᠮᠵᠢ ᠬᠢᠵᠦ ᠂ ᠠᠶᠢᠮᠠᠭ ᠬᠤᠲᠠ ᠶᠢᠨ ᠲᠠᠭᠯᠠᠨ ᠮᠡᠳᠡᠭᠦᠯᠬᠦ ᠡᠭᠦᠷᠭᠡ ᠶᠢ ᠪᠠᠶᠢᠷᠢᠯᠠᠭᠤᠯᠪᠠ ᠃  ︵ᠭᠤᠷᠪᠠ︶ ᠡᠯ᠎ᠡ ᠨᠢᠭᠡᠴᠢ ᠲᠠᠭᠯᠠᠨ ᠮᠡᠳᠡᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ ᠃  ︵ᠳᠥᠷᠪᠡ︶ ᠲᠠᠭᠯᠠᠨ ᠮᠡᠳᠡᠭᠦᠯᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠮᠢᠶ᠎ᠠ ᠪᠦᠬᠦᠢ ᠨᠢᠭᠡᠴᠢ ᠶᠢᠨ ᠲᠠᠭᠯᠠᠨ ᠮᠡᠳᠡᠭᠦᠯᠬᠦ ᠠᠵᠢᠯ ᠥᠷᠨᠢᠭᠦᠯᠬᠦ ᠶᠢ ᠵᠢᠯᠣᠭᠤᠳᠬᠤ ︵ᠲᠠᠭᠯᠠᠨ ᠮᠡᠳᠡᠭᠦᠯᠬᠦ ᠠᠰᠠᠭᠤᠳᠠᠯ ᠤᠨ ᠨᠢᠭᠡᠴᠢ ᠶᠢ ᠨᠢᠭᠡᠨᠲᠡ ᠡᠯ᠎ᠡ ᠠᠶᠢᠮᠠᠭ ᠬᠤᠲᠠ ᠳᠤ ᠣᠯᠭᠤᠪᠠ︶ ᠃  ᠳᠥᠷᠪᠡ ᠂ ᠬᠤᠯᠪᠣᠭᠳᠠᠯ ᠪᠦᠬᠦᠢ ᠱᠠᠭᠠᠷᠳᠠᠯᠭ᠎ᠠ  ︵ᠨᠢᠭᠡ︶ ᠬᠤᠷᠠᠯ ᠢ ᠪᠣᠳᠠᠲᠠᠶ ᠵᠣᠬᠢᠶᠠᠨ ᠪᠠᠶᠢᠭᠤᠯᠵᠤ ᠂ ᠳᠠᠭᠠᠭᠠᠨ ᠡᠷᠬᠢᠯᠡᠵᠦ ᠂ ᠪᠠᠲᠤᠯᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠦᠭᠡᠶ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠠᠴᠠ ᠬᠠᠷᠢᠭᠤᠴᠠᠨ᠎ᠠ ᠃  ︵ᠬᠤᠶᠠᠷ︶ ᠬᠤᠷᠠᠯ ᠳᠤ ᠣᠷᠣᠯᠴᠠᠭᠰᠠᠨ ᠡᠯ᠎ᠡ ᠪᠠᠶᠢᠭᠤᠯᠭ᠎ᠠ 4 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ ᠠᠵᠢᠯ ᠠᠴᠠ ᠪᠠᠨ ᠪᠠᠭᠤᠬᠤ ᠠᠴᠠ ᠡᠮᠦᠨ᠎ᠡ ᠬᠤᠷᠠᠯ ᠳᠤ ᠣᠷᠣᠯᠴᠠᠭᠰᠠᠳ ᠤᠨ ᠨᠡᠷᠡᠰ ᠢ ᠲᠣᠭᠲᠠᠭᠰᠠᠨ ᠰᠢᠤᠳᠠᠨ ᠤ ᠬᠠᠶᠢᠷᠴᠠᠭ ᠲᠤ ᠮᠡᠳᠡᠭᠦᠯᠦᠨ ᠬᠦᠷᠭᠡᠬᠦ ᠬᠡᠷᠡᠭᠲᠡᠶ ᠃    ᠬᠠᠷᠢᠯᠴᠠᠬᠤ ᠬᠥᠮᠦᠨ᠄ ᠵᠦᠩ ᠰᠢᠶᠠᠩ ᠷᠦᠩ  ᠤᠲᠠᠰᠤ᠄ 15849887309  ᠰᠢᠦᠳᠠᠨ ᠬᠠᠶᠢᠷᠴᠠᠭ᠄ nmslyg@163.com       2025 ᠣᠨ ᠤ 4 ᠳ᠋ᠦ᠋ᠭᠡᠷ ᠰᠠᠷ᠎ᠠ ᠶᠢᠨ 29 ᠤ ᠡᠳᠦᠷ 
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map