| 11 ᠰᠠᠷ᠎ᠠ ᠶᠢᠨ 22 ᠤᠨ ᠤᠷᠤᠢ᠂ ᠠᠷᠪᠡᠨ ᠬᠤᠶᠠᠲᠤᠭᠠᠷ ᠬᠤᠭᠤᠴᠠᠭᠠᠨ ᠤ ᠪᠦᠭᠦ ᠤᠯᠤᠰ ᠤᠨ ᠴᠦᠭᠡᠨ | ᠲᠤᠭᠠᠲᠤ ᠦᠨᠲᠦᠰᠦᠲᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠭᠯᠠᠭᠠᠨ ᠬᠠᠶᠢᠨᠠᠨ ᠤ ᠰᠠᠨᠶᠠ ᠬᠤᠲᠠ ᠶᠢᠨ | ᠪᠡᠶ᠎ᠡ ᠶᠢᠨ ᠲᠠᠮᠢᠷ ᠤᠨ ᠳᠦᠪ ᠲᠤ ᠡᠭᠢᠯᠡᠪᠡ᠃ | ᠲᠦᠷᠪᠡᠨ ᠵᠢᠯ ᠳᠤ ᠨᠢᠭᠡ ᠬᠤᠭᠤᠴᠠᠭ᠎ᠠ ᠶᠠᠪᠤᠭᠳᠠᠳᠠᠭ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠮᠠᠨ ᠤ ᠤᠯᠤᠰ ᠤᠨ ᠬᠡᠪ ᠪᠠᠷᠢᠮᠵᠢᠶ᠎ᠠ ᠪᠠᠷ ᠬᠠᠮᠤᠭ ᠤᠨ | ᠥᠨᠳᠥᠷ᠂ ᠬᠡᠪᠴᠢᠶ᠎ᠡ ᠪᠠᠷ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠶ ᠦᠨᠳᠦᠰᠦᠲᠡᠨ ᠤ ᠪᠡᠶ᠎ᠡ ᠶᠢᠨ ᠲᠠᠮᠢᠷ ᠤᠨ | ᠦᠪᠡᠳᠡᠭᠰᠢ ᠴᠤᠭᠯᠠᠭᠠᠨ ᠪᠠᠶᠢᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠡᠯᠭᠡᠯᠡᠵᠦ ᠬᠠᠮᠲᠤ ᠪᠠᠷ ᠡᠳ᠋ᠯᠡᠬᠦ | ᠦᠪᠡᠳᠡᠭᠰᠢ ᠶᠡᠭᠡ ᠪᠠᠶᠠᠷ ᠤᠨ ᠡᠳᠦᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠴᠡᠴᠡᠭᠯᠡᠨ ᠬᠥᠭᠵᠢᠬᠦ ᠶᠢ | ᠠᠬᠢᠭᠤᠯᠬᠤ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ | ᠪᠣᠯ ᠮᠥᠨ ᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠶᠠᠪᠤᠭᠳᠠᠭᠰᠠᠨ ᠠᠩᠬᠠᠳᠤᠭᠠᠷ ᠤᠳᠠᠭᠠᠨ ᠤ ᠪᠥᠬᠦ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠪᠠᠶᠢᠵᠦ᠂ | ᠪᠥᠬᠦ ᠤᠯᠤᠰ ᠤᠨ ᠲᠦᠮᠡ ᠰᠢᠬᠠᠮ ᠲᠠᠮᠢᠷᠴᠢᠳ ᠪᠠ ᠬᠦᠨᠳᠦᠲᠦ ᠵᠣᠴᠢᠳ ᠬᠠᠶᠢᠨᠠᠨ ᠳᠤ ᠴᠤᠭᠯᠠᠷᠠᠵᠦ᠂ | ᠦᠨᠳᠦᠰᠦᠲᠡᠨ ᠤ ᠪᠦᠯᠬᠦᠮᠳᠡᠯ ᠤᠨ ᠶᠡᠭᠡ ᠨᠠᠶᠢᠷ ᠢ ᠪᠢᠴᠢᠭᠯᠡᠭᠰᠡᠨ ᠪᠠᠶᠢᠨ᠎ᠡ᠃ | ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠳᠤ ᠡᠬᠢᠯᠡᠯᠲᠡ ᠶᠢᠨ ᠶᠣᠰᠣᠯᠠᠯ ᠪᠠ ᠰᠣᠶᠣᠯ ᠲᠠᠮᠢᠷ ᠤᠨ | ᠦᠵᠡᠭᠦᠯᠦᠯᠭᠡ ᠶᠢᠨ ᠲᠣᠭᠯᠠᠯᠲᠠ ᠭᠡᠬᠦ ᠬᠤᠶᠠᠷ ᠭᠤᠭᠴᠤᠭ᠎ᠠ ᠶᠢ ᠪᠠᠭᠳᠠᠭᠠᠵᠤ᠂ ᠬᠤᠶᠠᠷ ᠴᠠᠭ ᠰᠢᠬᠠᠮ ᠦᠷᠭᠦᠯᠵᠢᠯᠡᠪᠡ᠃ | ᠲᠠᠯᠠᠪᠠᠢ ᠳᠤ ᠣᠷᠣᠬᠤ ᠶᠣᠰᠣᠯᠠᠯ ᠳᠡᠭᠡᠷ᠎ᠡ᠂ ᠡᠯ᠎ᠡ ᠲᠥᠯᠥᠭᠡᠯᠡᠭᠴᠢᠳ ᠤᠨ ᠪᠦᠯᠬᠦᠮ ᠵᠢᠴᠢ ᠲᠣᠭᠯᠠᠯᠲᠠ ᠶᠢᠨ ᠡᠩᠨᠡᠭᠡ | ᠡᠯ᠎ᠡ ᠭᠠᠵᠠᠷ ᠤᠨ ᠬᠠᠮᠤᠭ ᠤᠨ ᠭᠤᠶᠢᠳᠠ ᠰᠠᠶᠢᠬᠠᠨ ᠦᠨᠳᠦᠰᠦᠲᠡᠨ ᠤ ᠤᠷᠠᠨ ᠰᠠᠶᠢᠬᠠᠨ ᠤ ᠲᠣᠭᠯᠠᠯᠲᠠ ᠶᠢ | ᠲᠤᠭᠯᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ 18 ᠲᠦᠷᠦᠯ ᠤᠨ | ᠤᠷᠤᠯᠳᠤᠭᠠᠨ ᠪᠠ ᠤᠷᠤᠯᠳᠤᠭᠠᠨ ᠤ ᠲᠥᠷᠥᠯ᠂ ᠤᠷ᠎ᠠ ᠮᠡᠷᠭᠡᠵᠢᠯ ᠤᠨ ᠲᠥᠷᠥᠯ᠂ ᠶᠡᠷᠦᠩᠬᠡᠶᠢᠯᠡᠭᠰᠡᠨ ᠲᠥᠷᠥᠯ ᠤᠨ | ᠭᠡᠬᠦ ᠭᠤᠷᠪᠠᠨ ᠲᠥᠷᠥᠯ ᠤᠨ ᠲᠣᠭᠯᠠᠯᠲᠠ ᠶᠢᠨ ᠲᠦᠷᠦᠯ ᠢ ᠳᠣᠭᠢᠷᠠᠭᠤᠯᠵᠤ᠂ ᠦᠨᠳᠦᠰᠦᠲᠡᠨ ᠨᠦᠭᠦᠳ ᠤᠨ | ᠤᠯᠠᠮᠵᠢᠯᠠᠯᠲᠤ ᠵᠠᠩ ᠵᠠᠩᠰᠢᠯ ᠢ ᠢᠯᠡᠷᠡᠭᠦᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ | ᠪᠠᠳᠠᠷᠠᠭᠤᠯᠤᠨ᠂ ᠳᠤᠮᠳᠠᠳᠤ ᠶᠢᠨ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠬᠦ ᠪᠣᠯᠤᠨ᠎ᠠ᠃ | | | | | | | | | | |