ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠮᠠᠨᠵᠤᠤᠷ ᠬᠤᠲᠠ ᠂ ᠡᠷᠢᠶᠡᠨ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄ | ᠯᠢᠶᠣᠤᠨᠢᠩ ᠮᠤᠵᠢ ᠶᠢᠨ ᠬᠤᠯᠪᠣᠭᠠᠯᠠᠨ ᠬᠤᠳᠠᠯᠳᠤᠨ ᠠᠪᠬᠤ ᠠᠯᠪᠠᠨ ᠬᠡᠷ ᠤᠨ ︽ᠣᠶᠣᠬᠤ ᠤᠲᠠᠰᠤ ᠵᠡᠷᠭᠡ | 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠥᠩᠭᠡᠷᠡᠭᠰᠡᠨ ᠤ ᠬᠤᠳᠠᠯᠳᠤᠨ ᠠᠪᠤᠭᠰᠠᠨ ᠮᠡᠳᠡᠭᠡ | ᠵᠠᠩᠭᠢ ᠪᠠ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ | ᠮᠡᠳᠡᠭᠳᠡᠯ︾ ᠢ ᠦᠨᠳᠦᠰᠦᠯᠡᠨ ᠂ ᠡᠳᠦᠭᠡ ᠣᠶᠣᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ | ᠮᠠᠲ᠋ᠧᠷᠢᠶᠠᠯ ᠤᠨ ᠥᠩᠭᠡᠷᠡᠭᠰᠡᠨ ᠤ ᠬᠤᠳᠠᠯᠳᠤᠨ ᠠᠪᠤᠭᠰᠠᠨ ᠮᠡᠳᠡᠭᠡ ᠵᠠᠩᠭᠢ ᠪᠠ ᠬᠤᠳᠠᠯᠳᠤᠨ ᠠᠪᠬᠤ ᠬᠡᠷᠡᠭᠴᠡᠭᠡᠨ ᠤ | ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠪᠠᠷ ᠪᠠᠶᠢᠨ᠎ᠠ ᠂ ᠪᠣᠳᠠᠲᠠᠶ ᠵᠦᠢᠯᠡᠰ ᠢ ᠳᠣᠤᠷᠠᠬᠢ ᠮᠡᠲᠦ | ᠮᠡᠳᠡᠭᠳᠡᠶ᠎ᠡ ᠃ | ᠨᠢᠭᠡ ᠂ ᠪᠦᠲᠦᠭᠡᠭᠳᠡᠬᠦᠨ ᠤ ᠬᠡᠪᠴᠢᠶ᠎ᠡ | ᠲᠣᠰ ᠤᠳᠠᠭᠠᠨ ᠤ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠲᠥᠷᠥᠯ ᠵᠦᠢᠯ ᠪᠣᠯ ᠣᠶᠣᠬᠤ ᠤᠲᠠᠰᠤ | ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠪᠣᠯᠤᠨ᠎ᠠ ᠂ ᠡᠭᠦᠨ ᠳᠤ ᠬᠠᠮᠢᠶᠠᠷᠤᠯᠲᠠ ᠶᠢᠨ ᠲᠥᠷᠥᠯ | ᠵᠦᠢᠯ ᠨᠢ ᠨᠢᠭᠡᠳᠦᠭᠡᠷ ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠪᠠᠭᠲᠠᠭᠠᠬᠤ ᠥᠬᠡᠶ ᠃ | ︵ᠨᠢᠭᠡ︶ ᠣᠶᠣᠬᠤ ᠤᠲᠠᠰᠤ | 1.ᠰᠢᠩᠭᠡᠬᠡᠬᠦᠢ ᠣᠶᠣᠬᠤ ᠤᠲᠠᠰᠤ᠄ ᠶᠡᠷᠦ ᠳᠤ ᠪᠠᠨ ᠠᠮᠢᠲᠠᠨ ᠠᠴᠠ ᠢᠷᠡᠯᠳᠡ ᠲᠠᠢ ᠵᠣᠬᠢᠶᠠᠨ | ᠪᠠᠶᠢᠭᠤᠯᠤᠯᠲᠠ ᠶᠢᠨ ᠮᠠᠲ᠋ᠧᠷᠢᠶᠠᠯ ᠪᠤᠶᠤ ᠡᠯ᠎ᠡ ᠵᠦᠢᠯ ᠤᠨ ᠠᠮᠢᠲᠠᠨ ᠠᠴᠠ ᠪᠤᠰᠤ ᠢᠷᠡᠯᠲᠡ ᠲᠠᠢ ᠳᠠᠩ ᠪᠡᠶᠡᠲᠦ | ᠮᠠᠲ᠋ᠧᠷᠢᠶᠠᠯ ᠪᠥᠭᠡᠭᠡᠨᠡᠷᠡᠯ ︵ᠪᠤᠶᠤ ᠣᠯᠠᠨ ᠳᠠᠩ ᠴᠣᠭᠴᠠ︶ ᠠᠴᠠ ᠢᠷᠡᠯᠲᠡ ᠲᠠᠢ ᠵᠠᠳᠠᠷᠠᠵᠤ ᠪᠣᠯᠬᠤᠶᠢᠴᠠ ᠣᠶᠣᠬᠤ | ᠤᠲᠠᠰᠤ ᠶᠢ ᠵᠣᠬᠢᠶᠠᠨ᠎ᠠ ᠃ ᠣᠶᠣᠬᠤ ᠤᠲᠠᠰᠤᠨ ᠤ ᠭᠠᠳᠠᠷᠭᠤ ᠳᠤ ᠳᠦᠷᠬᠢᠮᠡᠯ ᠲᠠᠢ ᠪᠠᠶᠢᠵᠤ ᠪᠣᠯᠣᠨ᠎ᠠ ᠂ ᠵᠡᠭᠦᠦ ᠲᠠᠢ | ᠪᠤᠶᠤ ᠵᠡᠭᠦᠦ ᠪᠠᠶᠢᠬᠤ ᠦᠭᠡᠢ ᠭᠡᠵᠦ ᠬᠤᠶᠠᠷ ᠵᠦᠢᠯ ᠳᠤ ᠬᠤᠪᠢᠶᠠᠳᠠᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ | ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠪᠡᠶ᠎ᠡ ᠶᠢᠨ ᠳᠣᠲᠣᠭᠠᠳᠤᠬᠢ ᠵᠥᠭᠡᠯᠡᠨ ᠨᠡᠬᠡᠳᠡᠰᠦ ᠂ ᠡᠷᠬᠡᠲᠡᠨ ᠪᠣᠯᠣᠨ | ᠠᠷᠠᠰᠤ ᠶᠢ ᠣᠶᠣᠬᠤ ᠪᠤᠶᠤ ᠵᠠᠩᠭᠢᠳᠬᠤ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ | 10 ᠣᠷᠣᠨ ᠨᠢ C140803185 ᠂ C140804185 ᠪᠣᠯᠬᠤ ᠦᠢᠯᠡᠳᠬᠦᠨ ᠨᠢ ᠤᠯᠤᠰ ᠤᠨ | ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃ | ᠤᠷᠢᠳᠴᠢᠯᠠᠭᠰᠠᠨ ᠶᠠᠰᠤ ᠶᠢ ᠣᠶᠣᠬᠤ ᠤᠲᠠᠰᠤ ᠶᠢ ᠪᠠᠭᠲᠠᠭᠠᠬᠤ ᠦᠭᠡᠢ ᠃ | 2. ᠥᠯᠥ ᠰᠢᠩᠭᠡᠭᠡᠬᠦᠢ ᠣᠶᠣᠬᠤ ᠤᠲᠠᠰᠤ᠄ ᠶᠡᠷᠦ ᠳᠤ ᠪᠠᠨ ᠪᠠᠶᠢᠭᠠᠯᠢᠯᠢᠬ ᠮᠠᠲ᠋ᠧᠷᠢᠶᠠᠯ ᠪᠤᠶᠤ ᠪᠥᠭᠡᠭᠡᠨᠡᠷᠡᠯ | ᠮᠠᠲ᠋ᠧᠷᠢᠶᠠᠯ ︵ᠪᠤᠶᠤ ᠲᠡᠮᠦᠷᠯᠢᠭ ᠮᠠᠲ᠋ᠧᠷᠢᠶᠠᠯ︶ ᠢᠶᠠᠷ ᠦᠢᠯᠡᠳᠦᠭᠰᠡᠨ ᠥᠯᠥ ᠵᠠᠳᠠᠷᠠᠭᠤᠯᠵᠤ ᠪᠣᠯᠬᠤᠶᠢᠴᠠ ᠣᠶᠣᠬᠤ | ᠤᠲᠠᠰᠤ ᠃ ᠣᠶᠣᠬᠤ ᠤᠲᠠᠰᠤᠨ ᠤ ᠭᠠᠳᠠᠷᠭᠤ ᠳᠤ ᠳᠦᠷᠬᠢᠮᠡᠯ ᠲᠠᠢ ᠪᠠᠶᠢᠵᠤ ᠪᠣᠯᠣᠨ᠎ᠠ ᠂ ᠵᠡᠭᠦᠦ ᠲᠠᠢ ᠪᠤᠶᠤ ᠵᠡᠭᠦᠦ | ᠪᠠᠶᠢᠬᠤ ᠦᠭᠡᠢ ᠭᠡᠵᠦ ᠬᠤᠶᠠᠷ ᠵᠦᠢᠯ ᠳᠤ ᠬᠤᠪᠢᠶᠠᠳᠠᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ ᠯᠠ | ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠪᠡᠶ᠎ᠡ ᠶᠢᠨ ᠳᠣᠲᠣᠭᠠᠳᠤᠬᠢ ᠵᠥᠭᠡᠯᠡᠨ ᠨᠡᠬᠡᠳᠡᠰᠦ ᠂ ᠡᠷᠬᠡᠲᠡᠨ ᠪᠣᠯᠣᠨ | ᠠᠷᠠᠰᠤ ᠶᠢ ᠣᠶᠣᠬᠤ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 10 ᠣᠷᠣᠨ ᠨᠢ | C140801184 ᠂ C140802184 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ | ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃ ᠤᠷᠢᠳᠴᠢᠯᠠᠭᠰᠠᠨ | ᠶᠠᠰᠤ ᠶᠢ ᠣᠶᠣᠬᠤ ᠤᠲᠠᠰᠤ ᠪᠠ ᠲᠠᠮᠢᠷ ᠤᠨ ᠠᠨᠠᠭᠠᠬᠤ ᠤᠬᠠᠭᠠᠨ ᠤ ᠲᠥᠷᠥᠯ ᠤᠨ ᠠᠨᠠᠭᠠᠯᠲᠠ ᠳᠤ ᠬᠡᠷᠡᠭᠯᠡᠬᠦ | ᠤᠲᠠᠰᠤ ᠶᠢ ᠪᠠᠭᠲᠠᠭᠠᠬᠤ ᠦᠭᠡᠢ ᠃ | ︵ᠬᠤᠶᠠᠷ︶ ᠵᠡᠭᠦᠯᠡᠭᠦᠷ ︵ᠵᠡᠭᠦᠦ ᠲᠠᠢ︶ | ᠦᠷᠭᠦᠯᠵᠢ ᠵᠡᠭᠦᠯᠡᠭᠦᠷ ᠤᠨ ᠪᠡᠶ᠎ᠡ ᠂ ᠱᠣᠪᠣᠭᠤᠷ ᠦᠵᠦᠭᠦᠷ ᠂ ᠪᠦᠯᠢᠭᠦᠷ ᠪᠠ ᠴᠢᠬᠢᠭᠦᠷ ᠵᠡᠷᠭᠡ ᠪᠠᠷ | ᠪᠦᠷᠢᠯᠳᠦᠳᠡᠭ ᠃ ᠵᠡᠭᠦᠯᠡᠭᠦᠷ ᠤᠨ ᠪᠡᠶ᠎ᠡ ᠶᠢ ᠶᠡᠷᠦ ᠳᠤ ᠪᠠᠨ ᠲᠣᠮᠣ ᠮᠣᠯᠧᠺᠦ᠋ᠯᠲᠦ ᠮᠠᠲ᠋ᠧᠷᠢᠶᠠᠯ ᠢᠶᠠᠷ ᠦᠢᠯᠡᠳᠳᠡᠭ︔ | ᠪᠦᠯᠢᠭᠦᠷ ᠢ ᠶᠡᠷᠦ ᠳᠤ ᠪᠠᠨ ᠪᠠᠶᠢᠭᠠᠯᠢᠯᠢᠬ ᠭᠤᠮ ᠢᠶᠠᠷ ᠦᠢᠯᠡᠳᠳᠡᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ | ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠰᠢᠩᠬᠡᠨ ᠪᠡᠶᠡᠲᠦ ᠶᠢ ᠰᠣᠷᠣᠬᠤ ᠪᠤᠶᠤ ᠰᠢᠩᠭᠡᠨ ᠪᠡᠶᠡᠲᠦ ᠶᠢ | ᠴᠢᠳᠬᠤᠨ ᠣᠷᠤᠭᠤᠯᠤᠭᠰᠠᠨ ᠤ ᠳᠠᠷᠠᠭ᠎ᠠ ᠲᠠᠷᠢᠯᠭ᠎ᠠ ᠬᠢᠬᠦ ᠳᠤ ᠬᠡᠷᠡᠭᠯᠡᠨ᠎ᠡ ᠃ ᠬᠥᠭᠡᠷᠭᠡᠲᠦ ᠵᠡᠭᠦᠯᠡᠭᠦᠷ ᠲᠤ ᠵᠡᠭᠦᠦ | ᠦᠭᠡᠢ ᠬᠡᠮᠵᠢᠶ᠎ᠡ ᠶᠢ ᠪᠠᠭᠲᠠᠭᠠᠨ᠎ᠠ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 15 ᠣᠷᠣᠨ ᠨᠢ | C16010110200003 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ | ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃ ᠢᠨᠰᠦᠯᠢᠨ ᠤ ᠵᠡᠭᠦᠯᠡᠭᠦᠷ ᠪᠠ ᠸᠠᠺᠼᠢᠨ ᠤ | ᠵᠡᠭᠦᠯᠡᠭᠦᠷ ᠢ ᠪᠠᠭᠲᠠᠭᠠᠬᠤ ᠦᠭᠡᠢ ᠃ | ︵ᠭᠤᠷᠪᠠ︶ ᠬᠥᠭᠡᠷᠭᠡᠲᠥ ᠶᠡᠭᠦᠯᠡᠭᠦᠷ | ᠶᠡᠷᠦ ᠳᠤ ᠪᠠᠨ ᠱᠣᠷᠣᠯᠵᠢᠨ ᠵᠠᠯᠭᠠᠭᠤᠷ ᠂ ᠬᠤᠭᠤᠯᠠᠶ ᠂ ᠲᠤᠰᠤᠯᠠᠭᠠᠭᠤᠷ ᠂ ᠣᠷᠣᠰᠤᠮᠠᠯ ᠢ ᠵᠣᠬᠢᠴᠠᠭᠤᠯᠬᠤ | ᠮᠠᠰᠢᠨ ᠂ ᠯᠣᠩᠬᠤᠨ ᠠᠮᠠᠰᠠᠷ ᠤᠨ ᠬᠠᠳᠬᠤᠭᠤᠷ ᠂ ᠡᠮ ᠤᠨ ᠰᠢᠩᠭᠡᠨ ᠤ ᠰᠢᠭᠦᠭᠦᠷ ᠵᠡᠷᠭᠡ ᠪᠠᠷ ᠪᠦᠷᠢᠯᠳᠦᠵᠦ ᠂ ᠵᠠᠷᠢᠮ | ᠶᠡᠭᠦᠯᠡᠭᠦᠷ ᠲᠤ ᠠᠭᠠᠷ ᠰᠢᠭᠦᠬᠦ ᠠᠭᠠᠷ ᠣᠷᠤᠭᠤᠯᠬᠤ ᠬᠡᠢ ᠶᠢᠨ ᠬᠡᠷᠡᠭᠰᠡᠯ ᠂ ᠡᠮ ᠶᠡᠭᠦᠯᠡᠬᠦ ᠬᠡᠷᠡᠭᠰᠡᠯ ᠵᠡᠷᠭᠡ ᠶᠢ | ᠳᠠᠭᠠᠯᠳᠤᠭᠤᠯᠳᠠᠭ ᠃ ᠬᠤᠭᠤᠯᠠᠢ ᠶᠢ ᠶᠡᠷᠦ ᠳᠤ ᠪᠠᠨ ᠾᠯᠣᠷᠲᠤ ᠡᠲ᠋ᠢᠯᠧᠨ ᠪᠤᠶᠤ ᠪᠤᠰᠤᠳ ᠮᠠᠲ᠋ᠧᠷᠢᠶᠠᠯ ᠢᠶᠠᠷ | ᠦᠢᠯᠡᠳᠳᠡᠭ ᠃ ᠲᠡᠭᠦᠨ ᠢ ᠵᠣᠬᠢᠶᠠᠭᠰᠠᠨ ᠨᠢ ᠬᠡᠷᠡᠭᠯᠡᠬᠦ ᠶᠠᠪᠤᠴᠠ ᠳᠤ ᠪᠣᠢ ᠪᠣᠯᠣᠭᠰᠠᠨ ᠳᠠᠷᠤᠮᠲᠠ ᠶᠢᠨ ᠦᠢᠯᠡᠳᠦᠯ | ᠳᠣᠣᠷ᠎ᠠ ᠂ ᠶᠡᠭᠦᠯᠡᠭᠦᠷ ᠤᠨ ᠰᠠᠪᠠ ᠲᠠᠬᠢ ᠡᠮ ᠤᠨ ᠰᠢᠩᠭᠡᠨ ᠢ ᠨᠠᠮᠵᠢᠭᠤᠨ ᠰᠤᠳᠠᠯ ᠤᠨ ᠬᠠᠳᠬᠤᠭᠤᠷ ᠢᠶᠠᠷ ᠨᠠᠮᠵᠢᠭᠤᠨ | ᠰᠤᠳᠠᠯ ᠳᠤ ᠡᠮ ᠶᠡᠭᠦᠯᠡᠬᠦ ᠶᠢ ᠪᠡᠶᠡᠯᠡᠭᠦᠯᠳᠡᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ ᠯᠠ ᠤᠳᠠᠭᠠᠨ ᠤ | ᠴᠢᠨᠠᠷᠲᠠᠢ ᠪᠠᠷ ᠬᠡᠷᠡᠭᠯᠡᠨ᠎ᠡ ᠃ ᠨᠠᠮᠵᠢᠭᠤᠨ ᠰᠤᠳᠠᠯ ᠳᠤ ᠡᠮ ᠶᠡᠭᠦᠯᠡᠬᠦ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ | ᠣᠷᠣᠯᠠᠬᠤ ᠨᠣᠮᠧᠷ ᠤᠨ ᠡᠮᠦᠨ᠎ᠡ 7 ᠣᠷᠣᠨ ᠨᠢ C142301 ᠪᠣᠯᠬᠤ ᠦᠢᠯᠡᠳᠬᠦᠨ ᠨᠢ ᠤᠯᠤᠰ ᠤᠨ | ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃ | ︵ᠲᠦᠷᠪᠡ︶ ᠬᠤᠭᠤᠰᠤᠮ ᠴᠢᠰᠤ ᠠᠪᠬᠤ ᠬᠤᠭᠤᠯᠠᠢ ︵ᠨᠠᠮᠵᠢᠭᠤᠨ ᠰᠤᠳᠠᠯ ᠤᠨ ᠴᠢᠰᠤᠨ ᠤ ᠦᠯᠢᠭᠡᠷ | ᠴᠤᠭᠯᠠᠭᠤᠯᠬᠤ ᠵᠡᠭᠦᠦ ᠶᠢ ᠪᠠᠭᠲᠠᠭᠠᠨ᠎ᠠ︶ | 1. ᠬᠤᠭᠤᠰᠤᠮ ᠴᠢᠰᠤ ᠠᠪᠬᠤ ᠬᠤᠭᠤᠯᠠᠢ᠄ ᠶᠡᠷᠦ ᠳᠤ ᠪᠠᠨ ᠬᠤᠭᠤᠯᠠᠢ ᠪᠠ ᠠᠮᠠᠰᠠᠷ ᠤᠨ ᠬᠠᠪᠬᠠᠭᠠᠰᠤ ᠪᠠᠷ | ᠪᠦᠷᠢᠯᠳᠦᠳᠡᠭ ᠃ ᠬᠤᠭᠤᠯᠠᠢ ᠶᠢᠨ ᠮᠠᠲ᠋ᠧᠷᠢᠶᠠᠯ ᠢ ᠶᠡᠷᠦ ᠳᠤ ᠪᠠᠨ PET ︵ᠪᠥᠭᠡᠭᠡᠨᠡᠷᠡᠯ ᠪᠧᠨᠽᠧᠨᠲᠤ ᠬᠤᠶᠠᠷᠴᠢ | ᠮᠧᠲ᠋ᠢᠯ ᠠᠯᠺᠣᠤᠯ ᠡᠰᠲ᠋ᠧᠷ ︶ ᠪᠤᠶᠤ ᠰᠢᠯ ᠬᠤᠭᠤᠯᠠᠢ ᠪᠠᠷ ᠦᠢᠯᠡᠳᠳᠡᠭ ᠂ ᠬᠤᠭᠤᠯᠠᠢ ᠶᠢᠨ ᠳᠣᠲᠣᠷ ᠬᠠᠨ᠎ᠠ ᠳᠤ | ᠨᠡᠮᠡᠯᠲᠡ ᠡᠳ᠋ ᠪᠤᠶᠤ ᠨᠡᠮᠡᠯᠲᠡ ᠡᠳ᠋ ᠳᠠᠭᠠᠯᠳᠤᠭᠤᠯᠬᠤ ᠦᠭᠡᠢ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ | ᠨᠢᠭᠡ ᠯᠠ ᠤᠳᠠᠭᠠᠨ ᠤ ᠴᠢᠨᠠᠷᠲᠠᠢ ᠪᠠᠷ ᠴᠢᠰᠤ ᠠᠪᠬᠤ ᠵᠡᠭᠦᠦ ᠲᠠᠢ ᠵᠣᠬᠢᠴᠠᠭᠤᠯᠤᠨ ᠬᠡᠷᠡᠭᠯᠡᠵᠦ ᠂ ᠬᠦᠮᠦᠨ ᠤ | ᠪᠡᠶ᠎ᠡ ᠶᠢᠨ ᠨᠠᠮᠵᠢᠭᠤᠨ ᠰᠤᠳᠠᠯ ᠤᠨ ᠴᠢᠰᠤ ᠶᠢ ᠴᠤᠭᠯᠠᠭᠤᠯᠬᠤ ᠂ ᠲᠡᠭᠡᠭᠡᠪᠦᠷᠢᠯᠡᠬᠦ ᠂ ᠬᠠᠳᠠᠭᠠᠯᠠᠬᠤ ᠳᠤ ᠬᠡᠷᠡᠭᠯᠡᠨ᠎ᠡ ᠃ | ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 10 ᠣᠷᠣᠨ ᠨᠢ C142302203 ᠪᠣᠯᠬᠤ | ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ | ᠬᠢᠵᠠᠭᠠᠷᠯᠠᠭᠳᠠᠬᠤ ᠥᠬᠡᠶ ᠂ ᠰᠡᠵᠢᠭᠦᠷ ᠤᠨ ᠴᠢᠰᠤᠨ ᠰᠤᠳᠠᠯ ᠂ ᠰᠡᠵᠢᠭᠦᠷ ᠤᠨ ᠴᠢᠰᠤ ᠴᠤᠭᠯᠠᠭᠤᠯᠬᠤ ᠰᠠᠪᠠ ᠂ | ᠣᠨᠴᠠᠭᠠᠶ ᠴᠢᠰᠤ ᠠᠪᠬᠤ ᠬᠤᠭᠤᠯᠠᠶ ᠪᠤᠶᠤ ᠪᠡᠯᠡᠳᠬᠡᠯ ᠬᠤᠭᠤᠯᠠᠶ ᠂ ᠬᠤᠭᠤᠰᠤᠮ ᠤᠨ ᠪᠤᠰᠤ ᠴᠢᠰᠤ ᠠᠪᠬᠤ | ᠬᠤᠭᠤᠯᠠᠢ ᠶᠢ ᠪᠠᠭᠲᠠᠭᠠᠬᠤ ᠥᠬᠡᠶ ᠃ | 2. ᠨᠠᠮᠵᠢᠭᠤᠨ ᠰᠤᠳᠠᠯ ᠤᠨ ᠴᠢᠰᠤᠨ ᠤ ᠦᠯᠢᠭᠡᠷ ᠴᠤᠭᠯᠠᠭᠤᠯᠬᠤ ᠵᠡᠭᠦᠦ᠄ ᠶᠡᠷᠦ ᠳᠤ ᠪᠠᠨ ᠨᠠᠮᠵᠢᠭᠤᠨ | ᠰᠤᠳᠠᠯ ᠤᠨ ᠴᠢᠰᠤ ᠠᠪᠬᠤ ᠵᠡᠭᠦᠦ ᠂ ᠬᠠᠮᠠᠭᠠᠯᠠᠬᠤ ᠳᠤᠭᠲᠤᠢ ᠪᠠ ᠪᠤᠰᠤᠳ ᠤᠭᠰᠠᠷᠠᠭ᠎ᠠ ᠪᠠᠷ ᠪᠦᠷᠢᠯᠳᠦᠳᠡᠭ ᠃ | ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠨᠠᠮᠵᠢᠭᠤᠨ ᠰᠤᠳᠠᠯ ᠤᠨ | ᠴᠢᠰᠤᠨ ᠤ ᠦᠯᠢᠭᠡᠷ ᠢ ᠴᠤᠭᠯᠠᠭᠤᠯᠬᠤ ᠳᠤ ᠲᠣᠬᠢᠷᠠᠨ᠎ᠠ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ | 15 ᠣᠷᠣᠨ ᠨᠢ C16030621500002 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ | ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠂ ᠨᠠᠮᠵᠢᠭᠤᠨ | ᠰᠤᠳᠠᠯ ᠤᠨ ᠠᠶᠤᠯᠭᠦᠢ ᠴᠢᠰᠤ ᠠᠪᠬᠤ ᠵᠡᠭᠦᠦ ᠂ ᠰᠡᠵᠢᠭᠦᠷ ᠤᠨ ᠴᠢᠰᠤ ᠠᠪᠬᠤ ᠪᠠᠭᠠᠵᠢ ᠂ ᠯᠤᠭᠰᠢᠭᠤᠨ ᠰᠤᠳᠠᠯ ᠤᠨ | ᠴᠢᠰᠤᠨ ᠤ ᠵᠡᠭᠦᠦ ᠂ ᠮᠠᠰᠢᠨ ᠳᠤ ᠬᠡᠷᠡᠭᠯᠡᠬᠦ ᠴᠢᠰᠤ ᠠᠪᠬᠤ ᠪᠠᠭᠠᠵᠢ ᠂ ᠬᠥᠯ ᠤᠨ ᠤᠯᠠ ᠠᠴᠠ ᠴᠢᠰᠤ ᠠᠪᠬᠤ | ᠪᠠᠭᠠᠵᠢ ᠶᠢ ᠪᠠᠭᠲᠠᠭᠠᠬᠤ ᠦᠭᠡᠢ ᠃ | ︵ᠲᠠᠪᠤ︶ ᠬᠦᠴᠢᠯᠲᠦ᠋ᠷᠥᠭᠴᠢ ᠠᠮᠢᠰᠬᠤᠬᠤ ᠬᠤᠭᠤᠯᠠᠢ | ᠶᠡᠷᠦ ᠳᠤ ᠪᠠᠨ ᠬᠦᠴᠢᠯᠲᠦ᠋ᠷᠥᠭᠴᠢ ᠤᠷᠤᠭᠤᠯᠬᠤ ᠵᠠᠯᠭᠠᠭᠠᠰᠤ ᠂ ᠬᠦᠴᠢᠯᠲᠦ᠋ᠷᠥᠭᠴᠢ ᠶᠢᠨ ᠵᠥᠭᠡᠯᠡᠨ | ᠬᠤᠭᠤᠯᠠᠢ ᠂ ᠲᠣᠬᠢᠷᠠᠭᠤᠯᠬᠤ ᠴᠠᠭᠠᠷᠢᠭ ᠂ ᠬᠠᠮᠠᠷ ᠤᠨ ᠪᠦᠭᠯᠡᠭᠡ ᠵᠡᠷᠭᠡ ᠪᠠᠷ ᠪᠦᠷᠢᠯᠳᠦᠳᠡᠭ ᠃ ᠬᠠᠮᠠᠷ ᠤᠨ | ᠬᠦᠴᠢᠯᠲᠦ᠋ᠷᠦᠭᠴᠢ ᠶᠢᠨ ᠬᠤᠭᠤᠯᠠᠢ ᠪᠣᠯᠤᠨ ᠬᠦᠴᠢᠯᠲᠦ᠋ᠷᠦᠭᠴᠢ ᠳᠠᠮᠵᠢᠭᠤᠯᠬᠤ ᠰᠢᠰᠲ᠋ᠧᠮ ᠶᠢ ᠵᠠᠯᠭᠠᠵᠤ ᠂ | ᠡᠪᠡᠳᠴᠢᠲᠡᠨ ᠤ ᠬᠦᠴᠢᠯᠲᠦ᠋ᠷᠦᠭᠴᠢ ᠶᠢ ᠠᠮᠢᠰᠬᠤᠬᠤ ᠳᠤ ᠬᠡᠷᠡᠭᠯᠡᠨ᠎ᠡ ᠃ ᠨᠢᠭᠡ ᠯᠠ ᠤᠳᠠᠭᠠᠨ ᠤ ᠴᠢᠨᠠᠷᠲᠠᠢ ᠪᠠᠷ | ᠬᠡᠷᠡᠭᠯᠡᠨ᠎ᠡ ᠃ ᠬᠦᠴᠢᠯᠲᠦ᠋ᠷᠥᠭᠴᠢ ᠠᠮᠢᠰᠬᠤᠬᠤ ᠦᠶ᠎ᠡ ᠳᠤ ᠬᠦᠴᠢᠯᠲᠦ᠋ᠷᠥᠭᠴᠢ ᠪᠣᠯᠣᠨ ᠬᠦᠴᠢᠯᠲᠦ᠋ᠷᠥᠭᠴᠢ | ᠬᠡᠷᠡᠭᠰᠡᠭᠴᠢ ᠶᠢᠨ ᠬᠤᠭᠤᠷᠣᠨᠳᠣᠬᠢ ᠬᠦᠴᠢᠯᠲᠦ᠋ᠷᠥᠭᠴᠢ ᠶᠢ ᠰᠢᠭᠤᠳ ᠬᠦᠷᠭᠡᠬᠦ ᠪᠤᠶᠤ ᠴᠢᠭᠢᠭᠵᠢᠭᠦᠯᠦᠭᠰᠡᠨ ᠤ | ᠳᠠᠷᠠᠭ᠎ᠠ ᠬᠦᠷᠭᠡᠬᠦ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 15 ᠣᠷᠣᠨ ᠨᠢ | C14020226600013 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ | ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃ | ᠬᠤᠶᠠᠷ ᠂ ᠲᠠᠭᠯᠠᠨ ᠮᠡᠳᠡᠭᠦᠯᠬᠦ ᠭᠤᠣᠯ ᠴᠣᠭᠴᠠ | ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ | ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ ᠂ ᠳᠣᠷᠣᠭᠰᠢ ᠠᠳᠠᠯᠢ︶ ᠪᠣᠯᠤᠨ ᠡᠮᠴᠢᠯᠡᠭᠡᠨ ᠤ ᠳᠠᠭᠠᠳᠬᠠᠯ ᠤᠨ | ᠲᠣᠭᠲᠠᠭᠰᠠᠨ ᠴᠡᠭ ᠤᠨ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠃ | ᠭᠤᠷᠪᠠ ᠂ ᠲᠠᠭᠯᠠᠨ ᠮᠡᠳᠡᠭᠦᠯᠬᠦ ᠠᠭᠤᠯᠭ᠎ᠠ | ︵ᠨᠢᠭᠡ︶ ᠥᠩᠭᠡᠷᠡᠭᠰᠡᠨ ᠤ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ | ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ HIS ᠰᠢᠰᠲ᠋ᠧᠮ ᠤᠨ ᠳᠣᠲᠣᠷᠠᠬᠢ ᠪᠣᠳᠠᠲᠠᠶ | ᠬᠤᠳᠠᠯᠳᠤᠨ ᠠᠪᠴᠤ ᠬᠡᠷᠡᠭᠯᠡᠭᠰᠡᠨ ᠲᠤᠭ᠎ᠠ ᠪᠠᠷᠢᠮᠲᠠ ᠲᠠᠢ ᠤᠶᠠᠯᠳᠤᠭᠤᠯᠤᠨ ᠂ ᠣᠶᠤᠬᠤ ᠤᠲᠠᠰᠤ ᠵᠡᠷᠭᠡ 5 | ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ | 2025 ᠣᠨ ᠤ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠂ | ᠬᠤᠳᠠᠯᠳᠤᠨ ᠠᠪᠬᠤ ᠬᠠᠮᠤᠭ ᠤᠨ ᠳᠣᠤᠷ᠎ᠠ ᠨᠢᠭᠡᠴᠢ ᠦᠨ᠎ᠡ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠵᠤ ᠂ | ᠦᠢᠯᠡᠳᠬᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ︵27 ᠣᠷᠣᠨᠲᠤ ᠨᠣᠮᠧᠷ︶ ᠬᠦᠷᠲᠡᠯ᠎ᠡ ᠨᠠᠷᠢᠯᠢᠭᠵᠢᠭᠤᠯᠤᠨ᠎ᠠ ᠃ | ᠬᠡᠷᠪᠡ ᠰᠢᠰᠲ᠋ᠧᠮ ᠤᠨ ᠳᠣᠲᠣᠷ᠎ᠠ ᠪᠠᠶᠢᠬᠤ ᠦᠭᠡᠶ ᠦᠢᠯᠡᠳᠬᠦᠨ ᠪᠠᠶᠢᠪᠠᠯ ᠂ ᠡᠮᠴᠢᠯᠡᠭᠡᠨ ᠤ ᠪᠠᠶᠢᠭᠤᠯᠤᠮᠵᠢ | ᠱᠠᠭᠠᠷᠳᠠᠯᠭ᠎ᠠ ᠶᠣᠰᠣᠭᠠᠷ ︽ᠳᠤᠲᠠᠭᠳᠠᠵᠤ ᠪᠠᠶᠢᠭ᠎ᠠ ᠦᠢᠯᠡᠳᠬᠦᠨ ᠤ ᠨᠡᠮᠡᠵᠦ ᠨᠥᠬᠦᠪᠥᠷᠢᠯᠡᠬᠦ ᠪᠦᠷᠢᠳᠬᠡᠯ ᠤᠨ | ᠬᠦᠰᠦᠨᠦᠭᠲᠦ︾ ︵ᠳᠠᠭᠠᠯᠳᠤᠭᠤᠯᠤᠯ ᠳᠤ ᠨᠠᠷᠢᠨ ᠦᠵᠡ︶ ᠶᠢ ᠲᠠᠭᠯᠠᠵᠤ ᠂ ᠠᠶᠢᠮᠠᠭ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠲᠣᠭᠲᠠᠭᠰᠠᠨ ᠢᠮᠧᠯ ᠳᠤ ᠢᠯᠡᠭᠡᠬᠦ | ᠬᠡᠷᠡᠭᠲᠡᠢ ︵ᠢᠮᠧᠯ ᠤᠨ ᠭᠠᠷᠴᠠᠭ ᠲᠤ ︽ᠳᠤᠲᠠᠭᠳᠠᠵᠤ ᠪᠠᠶᠢᠭ᠎ᠠ ᠦᠢᠯᠡᠳᠬᠦᠨ ᠤ ᠨᠡᠮᠡᠯᠲᠡ ᠨᠥᠬᠦᠪᠥᠷᠢ︾ ᠭᠡᠵᠦ | ᠲᠤᠳᠤᠷᠬᠠᠶᠢᠯᠠᠬᠤ ᠬᠡᠷᠡᠭᠲᠡᠢ︶ ᠃ | ︵ᠬᠤᠶᠠᠷ︶ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ | ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ ᠥᠩᠭᠡᠷᠡᠭᠰᠡᠨ ᠤ ᠬᠤᠳᠠᠯᠳᠤᠨ ᠠᠪᠤᠭᠰᠠᠨ | ᠬᠡᠮᠵᠢᠶ᠎ᠡ ᠂ ᠡᠮᠴᠢᠯᠡᠭᠡᠨ ᠳᠤ ᠬᠡᠷᠡᠭᠯᠡᠭᠰᠡᠨ ᠪᠠᠶᠢᠳᠠᠯ ᠪᠠ ᠡᠮᠴᠢᠯᠡᠭᠡᠨ ᠤ ᠮᠡᠷᠭᠡᠵᠢᠯ ᠤᠨ ᠳᠠᠪᠰᠢᠯᠲᠠ ᠵᠡᠷᠭᠡ ᠬᠦᠴᠦᠨ | ᠵᠦᠢᠯ ᠲᠠᠢ ᠤᠶᠠᠯᠳᠤᠭᠤᠯᠤᠨ ᠂ ᠢᠷᠡᠬᠦ ᠨᠢᠭᠡ ᠵᠢᠯ ᠤᠨ ᠤᠶᠤᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ | ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠪᠠᠨ ᠲᠠᠭᠯᠠᠨ ᠮᠡᠳᠡᠭᠦᠯᠵᠦ ᠂ | ᠦᠢᠯᠡᠳᠬᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ︵27 ᠣᠷᠣᠨᠲᠤ ᠨᠣᠮᠧᠷ︶ ᠬᠦᠷᠲᠡᠯ᠎ᠡ ᠨᠠᠷᠢᠯᠢᠭᠵᠢᠭᠤᠯᠤᠨ᠎ᠠ ᠃ | ᠵᠠᠷᠴᠢᠮ ᠳᠡᠭᠡᠷ᠎ᠡ ᠪᠠᠨ ᠬᠤᠷᠣᠭᠳᠠᠯ ᠮᠠᠲ᠋ᠧᠷᠢᠶᠠᠯ ᠤᠨ ᠲᠦᠷᠦᠯ ᠵᠦᠢᠯ ᠨᠢᠭᠡᠪᠦᠷᠢ ᠳᠤ ᠬᠤᠳᠠᠯᠳᠤᠨ ᠠᠪᠬᠤ ᠬᠡᠷᠡᠭᠴᠡᠭᠡ | ᠱᠠᠭᠠᠷᠳᠠᠯᠭ᠎ᠠ ᠶᠢᠨ ᠶᠡᠷᠦᠩᠬᠡᠶ ᠬᠡᠮᠵᠢᠶ᠎ᠡ ᠶᠢ ᠥᠩᠭᠡᠷᠡᠭᠰᠡᠨ ᠤ ᠬᠤᠳᠠᠯᠳᠤᠨ ᠠᠪᠤᠭᠰᠠᠨ ᠬᠡᠮᠵᠢᠶᠡᠨ ᠤ ᠶᠡᠷᠦᠩᠬᠡᠶ | ᠬᠡᠮᠵᠢᠶᠡᠨ ᠤ 80% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠂ ᠬᠡᠷᠪᠡ 80% ᠳᠤ ᠬᠥᠷᠥᠭᠰᠡᠨ ᠦᠭᠡᠶ ᠪᠣᠯ | ᠲᠣᠳᠣᠷᠬᠠᠶᠢᠯᠠᠯᠲᠠ ᠬᠢᠬᠦ ᠬᠡᠷᠡᠭᠲᠡᠶ ᠃ | ᠳᠥᠷᠪᠡ ᠂ ᠲᠠᠭᠯᠠᠨ ᠮᠡᠳᠡᠭᠦᠯᠬᠦ ᠠᠷᠭ᠎ᠠ ᠮᠠᠶ᠋ᠢᠭ | ᠲᠣᠰ ᠤᠳᠠᠭᠠᠨ ᠤ ᠣᠶᠣᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ | ᠥᠩᠭᠡᠷᠡᠭᠰᠡᠨ ᠤ ᠬᠤᠳᠠᠯᠳᠤᠨ ᠠᠪᠤᠭᠰᠠᠨ ᠬᠡᠮᠵᠢᠶ᠎ᠡ ᠪᠠ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ | ᠮᠡᠳᠡᠭᠦᠯᠬᠦ ᠠᠵᠢᠯ ᠨᠢ ︽ᠯᠢᠶᠣᠤᠨᠢᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠠᠪᠴᠠᠩ ᠤᠨ ᠡᠮ ᠤᠨ ᠵᠦᠢᠯ ᠪᠠ | ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ | ᠦᠢᠯᠡᠴᠢᠯᠡᠭᠡᠨ ᠤ ᠰᠢᠰᠲ᠋ᠧᠮ — ᠬᠡᠮᠵᠢᠶ᠎ᠡ ᠲᠠᠢ ᠬᠤᠳᠠᠯᠳᠤᠨ ᠠᠪᠬᠤ ᠬᠤᠪᠢᠶᠠᠷᠢ ᠰᠢᠰᠲ᠋ᠧᠮ — ᠮᠤᠵᠢ ᠶᠢᠨ | ᠬᠤᠭᠤᠷᠤᠨᠳᠤ ᠬᠤᠯᠪᠣᠭᠠᠯᠠᠨ ᠬᠤᠳᠠᠯᠳᠤᠨ ᠠᠪᠬᠤ ᠤᠶᠤᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠲᠥᠷᠥᠯ ᠵᠦᠢᠯ︾ ᠳᠤ | ᠨᠡᠪᠲᠡᠷᠡᠵᠦ ᠬᠠᠮᠢᠶ᠎ᠠ ᠪᠥᠬᠦᠶ ᠠᠵᠢᠯᠯᠠᠭᠠᠨ ︵ᠰᠦᠯᠵᠢᠶᠡᠨ ᠬᠠᠶ᠋ᠢᠭ᠄ https://ggfw.ybj.ln.gov. | cn/tps-web/indexHome ︶ ᠢ ᠥᠷᠨᠢᠭᠦᠯᠦᠨ᠎ᠡ ᠂ ᠡᠮᠴᠢᠯᠡᠭᠡᠨ ᠤ ᠪᠠᠶᠢᠭᠤᠯᠤᠮᠵᠢ ᠨᠢ ᠠᠵᠢᠯᠯᠠᠭᠠᠨ ᠤ | ᠶᠠᠪᠤᠴᠠ ᠳᠤ ᠬᠡᠷᠪᠡ ᠨᠢᠭᠤᠴᠠ ᠨᠣᠮᠧᠷ ᠢᠶᠠᠨ ᠮᠠᠷᠲᠠᠭᠰᠠᠨ ᠪᠠᠶᠢᠪᠠᠯ ᠂ ᠠᠶᠢᠮᠠᠭ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠳᠠᠮᠵᠢᠭᠤᠯᠵᠤ ᠨᠢᠭᠤᠴᠠ ᠨᠣᠮᠧᠷ ᠢᠶᠠᠨ ᠳᠠᠬᠢᠨ ᠲᠣᠬᠢᠷᠠᠭᠤᠯᠵᠤ ᠪᠣᠯᠤᠨ᠎ᠠ ᠃ | ᠲᠠᠪᠤ ᠂ ᠴᠠᠭ ᠤᠨ ᠲᠣᠬᠢᠷᠠᠭᠤᠯᠤᠯᠲᠠ | ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠬᠦ ᠴᠠᠭ᠄ 2025 ᠣᠨ ᠤ 4 ᠳ᠋ᠦ᠋ᠭᠡᠷ | ᠰᠠᠷ᠎ᠠ ᠶᠢᠨ 28 ᠤ ᠡᠳᠦᠷ ᠠᠴᠠ 5 ᠳ᠋ᠤᠭᠠᠷ ᠰᠠᠷ᠎ᠠ ᠶᠢᠨ 14 ᠤ ᠡᠳᠦᠷ ᠤᠨ 17 ᠴᠠᠭ ᠪᠣᠯᠲᠠᠯ᠎ᠠ ᠃ | ︵ᠬᠤᠶᠠᠷ︶ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ | ᠬᠠᠷᠭᠤᠭᠤᠯᠬᠤ ᠴᠠᠭ᠄ 2025 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠠᠴᠠ 5 ᠳ᠋ᠤᠭᠠᠷ ᠰᠠᠷ᠎ᠠ ᠶᠢᠨ 15 ᠤ | ᠡᠳᠦᠷ ᠤᠨ 17 ᠴᠠᠭ ᠪᠣᠯᠲᠠᠯ᠎ᠠ ᠃ | ᠵᠢᠷᠭᠤᠭ᠎ᠠ ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠷᠢᠶ᠎ᠠ | ᠣᠷᠣᠨ ᠤ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ | ᠠᠵᠢᠯ ᠢ ᠬᠢᠨᠠᠮᠠᠭᠠᠶ ᠰᠠᠶᠢᠲᠤᠷ ᠬᠢᠵᠦ ᠂ ᠬᠠᠷᠢᠶ᠎ᠠ ᠣᠷᠣᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ | ᠮᠡᠳᠡᠭᠦᠯᠦᠭᠰᠡᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠡᠷᠴᠢᠮ ᠢᠶᠠᠨ ᠴᠢᠩᠭᠠᠳᠬᠠᠨ ᠂ ᠲᠤᠭ᠎ᠠ ᠪᠠᠷᠢᠮᠲᠠ ᠶᠢ | ᠲᠠᠭᠯᠠᠨ ᠮᠡᠳᠡᠭᠦᠯᠬᠦ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠶ ᠃ | ︵ᠬᠤᠶᠠᠷ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠢᠨᠠᠯᠲᠠ | ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ | ᠲᠣᠭᠲᠠᠭᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠮᠴᠢᠯᠡᠭᠡᠨ ᠤ ᠪᠠᠶᠢᠭᠤᠯᠤᠮᠵᠢ ᠶᠢ | ᠵᠢᠯᠣᠭᠤᠳᠤᠨ ᠠᠳᠠᠯᠢ ᠲᠥᠷᠥᠯ ᠤᠨ ᠦᠨ᠎ᠡ ᠨᠢ ᠵᠣᠬᠢᠰᠲᠠᠶ ᠰᠣᠩᠭᠤᠭᠳᠠᠭᠰᠠᠨ ᠦᠢᠯᠡᠳᠭᠦᠨ ᠢ ᠰᠣᠩᠭᠤᠬᠤ ᠶᠢᠨ | ᠬᠠᠮᠲᠤ ᠂ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠬᠤᠪᠢᠶᠠᠷᠢᠯᠠᠬᠤ ᠬᠡᠮᠵᠢᠶ᠎ᠡ ᠪᠠᠨ ᠡᠵᠡᠨ ᠮᠡᠳᠡᠵᠦ | ᠰᠣᠩᠭᠤᠬᠤ ᠶᠢ ᠦᠨᠡᠨ ᠬᠦ ᠪᠠᠲᠤᠯᠠᠬᠤ ᠬᠡᠷᠡᠭᠲᠡᠶ ᠃ | ︵ᠭᠤᠷᠪᠠ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠮᠢᠶ᠎ᠠ | ᠪᠥᠬᠦᠶ ᠡᠮᠴᠢᠯᠡᠭᠡᠨ ᠤ ᠪᠠᠶᠢᠭᠤᠯᠤᠮᠵᠢ ᠶᠢ ᠨᠢᠭᠤᠴᠠ ᠨᠣᠮᠧᠷ ᠪᠠ ᠲᠠᠩᠰᠠᠨ ᠨᠣᠮᠧᠷ ᠤᠨ ᠬᠠᠮᠢᠶᠠᠷᠤᠯᠲᠠ ᠪᠠᠨ | ᠴᠢᠩᠭᠠᠳᠬᠠᠵᠤ ᠂ ᠠᠵᠢᠯ ᠢ ᠰᠠᠶᠢᠲᠤᠷ ᠣᠶᠢᠯᠠᠭᠠᠬᠤ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠵᠤ ᠂ ᠪᠤᠰᠤᠳ | ᠬᠥᠮᠦᠨ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠠᠰᠢᠭᠯᠠᠨ ᠬᠤᠳᠠᠯ ᠢᠶᠠᠷ ᠮᠡᠳᠡᠭᠦᠯᠬᠦ ᠂ ᠪᠤᠷᠤᠭᠤ | ᠮᠡᠳᠡᠭᠦᠯᠬᠦ ᠂ ᠥᠭᠡᠷᠡᠴᠢᠯᠡᠨ ᠮᠡᠳᠡᠭᠦᠯᠵᠦ ᠬᠤᠳᠠᠯᠳᠤᠨ ᠠᠪᠬᠤ ᠬᠡᠷᠡᠭᠴᠡᠭᠡ ᠶᠢᠨ ᠬᠡᠮᠵᠢᠶ᠎ᠡ ᠵᠡᠷᠭᠡ ︽ᠬᠡᠮᠵᠢᠶ᠎ᠡ ᠨᠢ | ᠦᠨᠡᠨ ᠪᠣᠳᠠᠲᠠᠶ ᠪᠢᠰᠢ︾ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠬᠤ ᠬᠡᠷᠡᠭᠲᠡᠶ ᠃ | ︵ᠲᠦᠷᠪᠡ︶ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠨᠤᠭᠤᠳ ᠱᠠᠭᠠᠷᠳᠠᠯᠭ᠎ᠠ ᠶᠣᠰᠣᠭᠠᠷ ᠲᠤᠭ᠎ᠠ | ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠰᠠᠶᠢᠲᠤᠷ ᠬᠢᠵᠦ ᠂ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ | ᠦᠨᠡᠨ ᠪᠣᠳᠠᠲᠠᠶ ᠂ ᠣᠨᠣᠪᠴᠢᠲᠠᠶ ᠂ ᠬᠦᠴᠦᠨ ᠵᠦᠢᠯ ᠪᠦᠷᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠃ ᠲᠤᠭ᠎ᠠ | ᠪᠠᠷᠢᠮᠲᠠ ᠶᠢ ᠲᠤᠰᠢᠶᠠᠬᠤ ᠠᠴᠠ ᠡᠮᠦᠨ᠎ᠡ ᠰᠢᠰᠲ᠋ᠧᠮ ᠠᠴᠠ ︽ᠠᠮᠠᠯᠠᠯᠲᠠ ᠶᠢᠨ ᠪᠢᠴᠢᠭ︾ ᠢ ᠪᠠᠭᠤᠯᠭᠠᠨ ᠠᠪᠴᠤ ᠂ | ᠲᠣᠰ ᠨᠢᠭᠡᠴᠢ ᠶᠢᠨ ᠭᠤᠤᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠤᠨ ᠨᠤᠲᠠᠯᠠᠭᠤᠯᠵᠤ ᠂ ᠠᠯᠪᠠᠨ | ᠲᠠᠮᠠᠭ᠎ᠠ ᠶᠢ ᠳᠠᠷᠤᠵᠤ ᠰᠢᠷᠪᠢᠭᠦᠯᠦᠭᠰᠡᠨ ᠤ ᠳᠠᠷᠠᠭ᠎ᠠ ᠂ ᠰᠢᠰᠲ᠋ᠧᠮ ᠳᠤ ᠳᠠᠮᠵᠢᠭᠤᠯᠤᠨ᠎ᠠ ᠃ | ᠢᠮᠧᠯ᠄ nmgycqxk@163.com | ᠳᠠᠭᠠᠯᠳᠤᠭᠤᠯᠤᠯ᠄ ᠳᠤᠲᠠᠭᠳᠠᠵᠤ ᠪᠠᠶᠢᠭ᠎ᠠ ᠦᠢᠯᠡᠳᠬᠦᠨ ᠤ ᠨᠡᠮᠡᠵᠦ ᠨᠥᠬᠦᠪᠥᠷᠢᠯᠡᠬᠦ ᠪᠦᠷᠢᠳᠬᠡᠯ ᠤᠨ | ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ | 2025 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ | | ᠳᠠᠭᠠᠯᠳᠤᠭᠤᠯᠤᠯ᠄ ᠳᠠᠭᠠᠯᠳᠤᠭᠤᠯᠤᠯ᠄ ᠳᠤᠲᠠᠭᠳᠠᠵᠤ ᠪᠠᠶᠢᠭ᠎ᠠ ᠦᠢᠯᠡᠳᠬᠦᠨ ᠤ ᠨᠡᠮᠡᠵᠦ ᠨᠥᠬᠦᠪᠥᠷᠢᠯᠡᠬᠦ | ᠪᠦᠷᠢᠳᠬᠡᠯ ᠤᠨ ᠬᠦᠰᠦᠨᠦᠭᠲᠦ.xlsx | | |